ᠬᠤᠷᠠᠭ᠎ᠠ ᠪᠤᠷᠳᠤᠬᠤ ᠮᠡᠷᠭᠡᠵᠢᠯ ︵ᠬᠤᠶᠠᠷ︶
ᠨᠡᠶᠢᠲᠡᠯᠡᠭᠰᠡᠨ ᠴᠠᠭ᠄
2020/5/21
     ᠰᠠᠶᠢᠨ ᠡᠭᠦᠯᠳᠡᠷ ᠤᠨ ᠬᠤᠨᠢ ᠰᠤᠩᠭᠤᠬᠤ ᠶᠠᠮᠠᠷ ᠡᠭᠦᠯᠳᠡᠷ ᠤᠨ ᠬᠤᠨᠢ ᠶᠢ ᠴᠤ ᠭᠡᠳ ᠬᠤᠷᠠᠭᠠᠨ ᠤ ᠬᠤᠭᠤᠴᠠᠭᠠᠨ ᠳᠤᠨᠢ ᠪᠦᠷ ᠪᠤᠷᠳᠤᠵᠤ ᠪᠤᠯᠬᠤ ᠪᠤᠯᠪᠠᠴᠤ ᠡᠭᠦᠯᠳᠡᠷ ᠤᠭᠰᠠᠭ᠎ᠠ ᠶᠢᠨ ᠱᠠᠭᠠᠷᠳᠠᠯᠭ᠎ᠠ ᠠᠴᠠ ᠦᠵᠡᠪᠡᠯ ᠡᠷᠬᠡᠪᠰᠢ ᠳᠤᠤᠷᠠᠬᠢ ᠨᠦᠭᠦᠴᠡᠯ ᠢ ᠪᠦᠷᠢᠯᠳᠦᠭᠦᠯᠬᠦ ᠬᠡᠷᠡᠭᠲᠡᠢ᠃ ᠡᠭᠦᠨ ᠳᠤ ᠶᠠᠭᠤᠨ ᠤ ᠡᠮᠦᠨ᠎ᠡ ᠡᠬᠡ ᠬᠤᠨᠢᠨ ᠤ ᠦᠷᠡᠵᠢᠯᠲᠡ ᠶᠢᠨ ᠨᠤᠷᠮ᠎ᠠ ᠨᠢ ᠦᠨᠳᠦᠷ᠂ ᠰᠦ ᠱᠦᠭᠦᠷᠡᠭᠦᠯᠬᠦ ᠨᠢ ᠰᠠᠶᠢᠨ᠂ ᠪᠡᠯᠭᠡ ᠶᠢᠨ ᠪᠤᠯᠪᠠᠰᠤᠷᠠᠯᠲᠠ ᠨᠢ ᠡᠷᠲᠡ᠂ ᠤᠷᠤᠭ᠎ᠠ ᠤᠷᠤᠬᠤ ᠤᠯᠠᠷᠢᠯ ᠨᠢ ᠤᠷᠲᠤ ᠪᠠᠶᠢᠬᠤ ᠬᠡᠷᠡᠭᠲᠡᠢ᠃ ᠳᠠᠷᠠᠭᠠᠯᠠᠪᠠᠯ ᠬᠤᠷᠠᠭᠠᠨ ᠤ ᠦᠰᠴᠦ ᠪᠤᠶᠢᠵᠢᠬᠤ ᠨᠢ ᠲᠦᠷᠭᠡᠨ᠂ ᠮᠢᠬᠠᠨ ᠤ ᠴᠢᠨᠠᠷ ᠴᠢᠨᠰᠠᠭ᠎ᠠ ᠨᠢ ᠰᠠᠶᠢᠨ᠂ ᠪᠤᠷᠳᠤᠭᠠᠨ ᠤ ᠬᠠᠷᠠᠮᠵᠢ ᠨᠢ ᠦᠨᠳᠦᠷ ᠵᠡᠷᠭᠡ ᠨᠦᠬᠦᠴᠡᠯ ᠢ ᠪᠦᠷᠢᠯᠳᠦᠭᠦᠯᠬᠦ ᠬᠡᠷᠡᠭᠲᠡᠢ᠃ ᠮᠠᠨ ᠤ ᠤᠯᠤᠰ ᠤᠨ ᠬᠤᠨᠢᠨ ᠤ ᠡᠭᠦᠯᠳᠡᠷ ᠲᠤ ᠠᠯᠲᠠᠢ ᠬᠤᠨᠢ᠂ ᠪᠠᠶᠠᠨᠪᠤᠯᠠᠭ ᠬᠤᠨᠢ᠂ ᠦᠵᠦᠮᠦᠴᠢᠨ ᠬᠤᠨᠢ᠂ ᠭᠤᠪᠢ ᠶᠢᠨ ᠬᠤᠨᠢ᠂ ᠰᠦᠨᠢᠳ ᠬᠤᠨᠢ᠂ ᠤᠬᠤᠷ ᠰᠡᠭᠦᠯᠲᠦ ᠦᠯᠴᠢᠷ ᠬᠤᠨᠢ᠂ ᠪᠦᠳᠦᠭᠦᠨ ᠰᠡᠭᠦᠯᠲᠦ ᠦᠯᠴᠢᠷ ᠬᠤᠨᠢ᠂ ᠬᠤᠪᠸᠢ ᠬᠤᠨᠢ᠂ ᠲᠦᠩᠶᠠᠩ ᠬᠤᠨᠢ ᠵᠡᠷᠭᠡ ᠪᠤᠢ᠃ ᠡᠭᠦᠨ ᠠᠴᠠ ᠭᠠᠳᠠᠨ᠎ᠠ ᠪᠠᠰᠠ ᠨᠤᠤᠰᠤ ᠮᠢᠬᠠᠨ ᠤ ᠬᠤᠤᠰ ᠬᠡᠷᠡᠭᠴᠡᠭᠡᠲᠦ ᠨᠠᠷᠢᠨ ᠨᠤᠤᠰᠤᠲᠤ ᠬᠤᠨᠢ ᠪᠤᠢ᠃ ᠵᠢᠱᠢᠶᠡᠯᠡᠪᠡᠯ ᠦᠪᠦᠷ ᠮᠤᠩᠭᠤᠯ ᠤᠨ ᠨᠠᠷᠢᠨ ᠨᠤᠤᠰᠤᠲᠤ ᠬᠤᠨᠢ᠂ ᠵᠡᠭᠦᠨ ᠬᠤᠶᠢᠲᠤ ᠤᠷᠤᠨ ᠤ ᠨᠠᠷᠢᠨ ᠨᠤᠤᠰᠤᠲᠤ ᠬᠤᠨᠢ᠂ ᠰᠢᠨᠵᠢᠶᠠᠩ ᠤᠨ ᠨᠠᠷᠢᠨ ᠨᠤᠤᠰᠤᠲᠤ ᠬᠤᠨᠢ᠂ ᠠᠤᠬᠠᠨ ᠤ ᠨᠠᠷᠢᠨ ᠨᠤᠤᠰᠤᠲᠤ ᠬᠤᠨᠢ᠂ ᠦᠪᠦᠷ ᠮᠤᠩᠭᠤᠯ ᠤᠨ ᠬᠠᠭᠠᠰ ᠨᠠᠷᠢᠨ ᠨᠤᠤᠰᠤᠲᠤ ᠬᠤᠨᠢ᠂ ᠬᠦᠬᠡᠨᠠᠭᠤᠷ ᠤᠨ ᠬᠠᠭᠠᠰ ᠨᠠᠷᠢᠨ ᠨᠤᠤᠰᠤᠲᠤ ᠬᠤᠨᠢ ᠵᠡᠷᠭᠡ ᠪᠠᠶᠢᠨ᠎ᠠ᠃ ᠡᠳᠡᠭᠡᠷ ᠬᠤᠨᠢᠨ ᠤ ᠨᠤᠤᠰᠤᠨ ᠤ ᠭᠠᠷᠤᠯᠲᠠ ᠨᠢ ᠮᠠᠰᠢ ᠦᠨᠳᠦᠷ ᠪᠦᠭᠡᠳ ᠮᠢᠬᠠᠨ ᠤ ᠴᠢᠨᠠᠷ ᠴᠢᠨᠰᠠᠭ᠎ᠠ ᠨᠢ ᠴᠤ ᠮᠠᠰᠢ ᠰᠠᠶᠢᠨ ᠪᠠᠶᠢᠳᠠᠭ᠃ ︵ᠢᠷᠡᠯᠲᠡ ᠄ ᠰᠤᠳᠤᠭᠡᠷᠡᠯ᠂ ᠪᠠᠪᠤᠯᠠᠢ᠂ ᠬᠦᠭᠵᠢᠯᠲᠦ ᠶᠢᠨ ᠨᠠᠶᠢᠷᠠᠭᠤᠯᠤᠨ ᠵᠤᠬᠢᠶᠠᠭᠰᠠᠨ ︽ᠮᠠᠯ ᠤᠨ ᠲᠡᠵᠢᠭᠡᠯᠭᠡ ᠪᠤᠷᠳᠤᠯᠭ᠎ᠠ ᠪᠠ ᠠᠰᠢᠭ ᠰᠢᠮ᠎ᠡ ᠶᠢᠨ ᠪᠤᠯᠪᠠᠰᠤᠷᠠᠭᠤᠯᠭ᠎ᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号