ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠬᠤᠶᠠᠷ︶
ᠨᠡᠶᠢᠲᠡᠯᠡᠭᠰᠡᠨ ᠴᠠᠭ᠄
2020/5/29
     ᠠᠰᠠᠭᠤᠯᠲᠠ᠄ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠲᠡᠭᠡᠳ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠ ᠳᠡᠰ ᠳᠠᠷᠠᠭᠠᠯᠠᠯ ᠨᠢ ᠶᠠᠭᠤ ᠪᠣᠢ︖ ᠬᠠᠷᠢᠭᠤᠯᠲᠠ᠄ 1. ᠨᠥᠬᠦᠪᠦᠷᠢ ᠥᠭᠬᠦ ᠡᠲᠡᠭᠡᠳ ᠤᠨ ᠪᠡᠶ᠎ᠡ ᠭᠠᠷᠤᠯ ᠢ ᠮᠠᠭᠠᠳᠯᠠᠨ ᠲᠣᠭᠲᠠᠭᠠᠬᠤ᠄ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠦᠷᠢ ᠥᠭᠬᠦ ᠡᠲᠡᠭᠡᠳ ᠪᠣᠯ ᠨᠤᠷᠠᠬᠤ ᠠᠶᠤᠯᠲᠠᠢ ᠭᠡᠷ ᠪᠠᠶᠢᠰᠢᠩ ᠳᠤ ᠰᠠᠭᠤᠵᠤ ︵ᠭᠡᠷ ᠪᠠᠶᠢᠰᠢᠩ ᠦᠭᠡᠢ︶ ᠪᠠᠶᠢᠭ᠎ᠠ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ᠂ ᠨᠠᠭᠠᠲᠤ ᠵᠠᠬ᠎ᠠ ᠶᠢᠨ ᠪᠠᠲᠤᠯᠠᠭ᠎ᠠ ᠲᠠᠢ ᠡᠷᠦᠬᠡ᠂ ᠬᠥᠳᠡᠭᠡ ᠲᠣᠰᠬᠤᠨ ᠤ ᠰᠠᠯᠭᠠᠵᠤ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠪᠠ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠵᠡᠷᠭᠡ 4 ᠲᠥᠷᠥᠯ ᠤᠨ ᠭᠤᠣᠯᠳᠠᠯᠭ᠎ᠠ ᠲᠠᠢ ᠡᠲᠡᠭᠡᠳ ︵ᠳᠣᠷᠣᠭᠰᠢ 4 ᠲᠥᠷᠥᠯ ᠤᠨ ᠭᠤᠣᠯᠳᠠᠯᠭ᠎ᠠ ᠲᠠᠢ ᠡᠲᠡᠭᠡᠳ ᠭᠡᠵᠦ ᠲᠣᠪᠴᠢᠯᠠᠨ᠎ᠠ︶ ᠪᠣᠯᠣᠨ᠎ᠠ᠃ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠪᠡᠶ᠎ᠡ ᠭᠠᠷᠤᠯ ᠢ ᠢᠯᠭᠠᠨ ᠲᠣᠳᠣᠯᠠᠬᠤ ᠳᠤ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠬᠤ ᠪᠠᠷ ᠪᠠᠷᠢᠮᠵᠢᠶ᠎ᠠ ᠪᠣᠯᠭᠠᠵᠤ᠂ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢᠨ ᠪᠡᠶ᠎ᠡ ᠭᠠᠷᠤᠯ ᠢ ᠢᠯᠭᠠᠨ ᠲᠣᠳᠣᠯᠠᠬᠤ ᠳᠤ ᠵᠡᠮᠳᠡᠭᠴᠦᠳ ᠤᠨ ᠬᠤᠯᠪᠣᠭ᠎ᠠ ᠠᠴᠠ ᠶᠠᠳᠠᠭᠤ ᠶᠢ ᠲᠡᠳᠬᠦᠬᠦ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠵᠥᠪᠳᠡᠯᠴᠡᠨ ᠬᠤᠯᠪᠣᠭᠠᠯᠠᠵᠤ ᠮᠠᠭᠠᠳᠯᠠᠨ ᠲᠣᠭᠲᠠᠭᠠᠬᠤ ᠪᠠᠷ ᠪᠠᠷᠢᠮᠵᠢᠶ᠎ᠠ ᠪᠣᠯᠭᠠᠨ᠎ᠠ᠃ ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠨᠤᠷᠠᠬᠤ ᠠᠶᠤᠯᠲᠠᠢ ᠭᠡᠷ ᠪᠠᠶᠢᠰᠢᠩ ᠤᠨ ᠬᠠᠮᠢᠶᠠᠷᠤᠯᠲᠠ ᠶᠢᠨ ᠳᠠᠩᠰᠠ ᠡᠪᠬᠡᠮᠡᠯ ᠤᠨ ᠮᠡᠳᠡᠭᠡ ᠵᠠᠩᠭᠢ ᠶᠢ ᠶᠠᠳᠠᠭᠤ ᠶᠢ ᠲᠡᠳᠬᠦᠬᠦ᠂ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠠᠴᠠ ᠬᠠᠩᠭᠠᠭᠰᠠᠨ 4 ᠲᠥᠷᠥᠯ ᠤᠨ ᠭᠤᠣᠯᠳᠠᠯᠭ᠎ᠠ ᠲᠠᠢ ᠡᠲᠡᠭᠡᠳ ᠤᠨ ᠨᠡᠷᠡᠰ ᠲᠠᠢ ᠲᠦᠢᠯ ᠤᠨ ᠣᠨᠣᠪᠴᠢᠲᠠᠢ ᠪᠠᠷ ᠵᠣᠯᠭᠠᠯᠳᠤᠭᠤᠯᠤᠭᠰᠠᠨ ᠤ ᠳᠠᠷᠠᠭ᠎ᠠ᠂ ᠨᠥᠬᠦᠴᠡᠯ ᠳᠤ ᠨᠡᠶᠢᠴᠡᠭᠰᠡᠨ ᠥᠭᠡᠷᠡᠴᠢᠯᠡᠨ ᠰᠢᠨᠡᠳᠬᠡᠬᠦ ᠡᠲᠡᠭᠡᠳ ᠢ ᠲᠣᠭᠲᠠᠭᠠᠨ᠎ᠠ᠃ 2. ᠬᠢᠨᠠᠨ ᠵᠥᠪᠰᠢᠶᠡᠷᠡᠬᠦ ᠳᠡᠰ ᠳᠠᠷᠠᠭᠠᠯᠠᠯ᠄ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠵᠠᠷᠴᠢᠮ ᠢ ᠪᠠᠷᠢᠮᠲᠠᠯᠠᠨ᠂ ᠲᠠᠷᠢᠶᠠᠴᠢᠨ ᠡᠷᠦᠬᠡ ᠠᠴᠠ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠲᠣᠰᠬᠤᠨ ᠤ ᠠᠷᠠᠳ ᠤᠨ ᠬᠤᠷᠠᠯ ᠪᠤᠶᠤ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠠᠴᠠ ᠠᠷᠠᠳᠴᠢᠯᠠᠯ ᠢᠶᠠᠷ ᠵᠥᠪᠯᠡᠨ ᠲᠣᠭᠲᠠᠭᠠᠬᠤ᠂ ᠰᠤᠮᠤ ︵ᠰᠢᠶᠠᠩ᠂ ᠪᠠᠯᠭᠠᠰᠤ︶ ᠠᠴᠠ ᠬᠢᠨᠠᠨ ᠬᠠᠷᠭᠤᠭᠤᠯᠬᠤ᠂ ᠬᠤᠰᠢᠭᠤ ᠰᠢᠶᠠᠨ ᠠᠴᠠ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠬᠡᠷᠡᠭᠵᠢᠭᠦᠯᠦᠨ᠎ᠡ᠃ ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠵᠥᠪᠰᠢᠶᠡᠷᠡᠭᠦᠯᠦᠭᠰᠡᠨ ᠨᠤᠷᠠᠬᠤ ᠠᠶᠤᠯᠲᠠᠢ ᠭᠡᠷ ᠪᠠᠶᠢᠰᠢᠩ ᠢ ᠨᠢ ᠥᠭᠡᠷᠡᠴᠢᠯᠡᠨ ᠰᠢᠨᠡᠳᠬᠡᠬᠦ ᠴᠢᠬᠤᠯᠠᠲᠠᠢ ᠲᠠᠷᠢᠶᠠᠴᠢᠨ ᠡᠷᠦᠬᠡ ᠲᠠᠢ ᠭᠡᠷ᠎ᠡ ᠪᠤᠶᠤ ᠬᠡᠯᠡᠯᠴᠡᠭᠡᠷ ᠲᠣᠭᠲᠠᠬᠤ ᠠᠵᠢᠯ ᠢ ᠵᠣᠬᠢᠶᠠᠨ ᠪᠠᠶᠢᠭᠤᠯᠵᠤ ᠰᠠᠶᠢᠲᠤᠷ ᠬᠢᠬᠦ ᠬᠡᠷᠡᠭᠲᠡᠢ᠃ 3. ᠪᠤᠰᠤᠳ ᠵᠦᠢᠯ᠄ ᠣᠨᠳᠣᠣ ᠭᠠᠵᠠᠷ ᠶᠠᠳᠠᠭᠤ ᠶᠢ ᠲᠡᠳᠬᠦᠬᠦ ᠪᠠᠷ ᠰᠢᠯᠵᠢᠭᠦᠯᠦᠨ ᠨᠡᠭᠦᠯᠭᠡᠬᠦ ᠲᠥᠯᠥᠪᠯᠡᠭᠡ ᠳᠤ ᠣᠷᠣᠭᠤᠯᠤᠭᠰᠠᠨ ᠪᠤᠶᠤ ᠨᠢᠭᠡᠨᠲᠡ ᠣᠨᠳᠣᠣ ᠭᠠᠵᠠᠷ ᠶᠠᠳᠠᠭᠤ ᠶᠢ ᠲᠡᠳᠬᠦᠬᠦ ᠪᠠᠷ ᠰᠢᠯᠵᠢᠭᠦᠯᠦᠨ ᠨᠡᠭᠦᠯᠭᠡᠬᠦ ᠲᠥᠷᠥ ᠶᠢᠨ ᠪᠣᠳᠣᠯᠭ᠎ᠠ ᠶᠢ ᠬᠦᠷᠲᠡᠭᠰᠡᠨ 4 ᠲᠥᠷᠥᠯ ᠤᠨ ᠭᠤᠣᠯᠳᠠᠯᠭ᠎ᠠ ᠲᠠᠢ ᠡᠲᠡᠭᠡᠳ ᠢ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠲᠡᠭᠡᠳ ᠲᠤ ᠵᠢᠭᠰᠠᠭᠠᠵᠤ ᠪᠣᠯᠬᠤ ᠦᠭᠡᠢ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠦᠷᠢ ᠮᠥᠩᠭᠦ ᠶᠢ ᠨᠢᠭᠡᠨᠲᠡ ᠬᠦᠷᠲᠡᠭᠰᠡᠨ ᠮᠥᠷᠲᠡᠭᠡᠨ ᠣᠨᠳᠣᠣ ᠭᠠᠵᠠᠷ ᠶᠠᠳᠠᠭᠤ ᠶᠢ ᠲᠡᠳᠬᠦᠬᠦ ᠪᠠᠷ ᠰᠢᠯᠵᠢᠭᠦᠯᠦᠨ ᠨᠡᠭᠦᠯᠭᠡᠬᠦ ᠪᠠᠷ ᠳᠠᠬᠢᠨᠲᠠ ᠭᠤᠶᠤᠴᠢᠯᠠᠬᠤ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠳᠣᠣ ᠭᠠᠵᠠᠷ ᠶᠠᠳᠠᠭᠤ ᠶᠢ ᠲᠡᠳᠬᠦᠬᠦ ᠪᠠᠷ ᠰᠢᠯᠵᠢᠭᠦᠯᠦᠨ ᠨᠡᠭᠦᠯᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠬᠤᠯᠪᠣᠭᠳᠠᠯ ᠪᠦᠬᠦᠢ ᠠᠰᠠᠭᠤᠳᠠᠯ ᠢ ᠰᠢᠢᠳᠪᠦᠷᠢᠯᠡᠬᠦ ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠶᠣᠰᠣᠭᠠᠷ ᠬᠡᠷᠡᠭᠵᠢᠭᠦᠯᠦᠨ᠎ᠡ᠃ ᠥᠩᠭᠡᠷᠡᠭᠰᠡᠨ ᠵᠢᠯ ᠤᠳ ᠲᠤ ᠨᠢᠭᠡᠨᠲᠡ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠦᠷᠢ ᠮᠥᠩᠭᠦ ᠶᠢ ᠬᠦᠷᠲᠡᠭᠰᠡᠨ ᠪᠤᠯᠠᠪᠠᠴᠤ ᠬᠡᠷᠡᠭᠯᠡᠬᠦ ᠬᠤᠭᠤᠴᠠᠭᠠᠨ ᠤ ᠬᠢᠵᠠᠭᠠᠷ ᠨᠢ ᠲᠤᠯᠤᠭᠠᠳᠤᠢ ᠪᠠᠷ ᠳᠠᠬᠢᠨ ᠣᠷᠣᠨ ᠰᠠᠭᠤᠴᠠ ᠶᠢᠨ ᠠᠮᠤᠷ ᠲᠦᠪᠰᠢᠨ ᠤ ᠴᠢᠨᠠᠷ ᠤᠨ ᠠᠰᠠᠭᠤᠳᠠᠯ ᠢᠯᠡᠷᠡᠭᠰᠡᠨ ᠪᠣᠯ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠥᠪᠡᠷ ᠢᠶᠠᠨ ᠪᠡᠯᠡ ᠮᠥᠩᠭᠦ ᠬᠤᠷᠠᠮᠳᠤᠭᠤᠯᠵᠤ ᠪᠠᠶᠢᠭᠠᠳ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠨ᠎ᠡ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号