ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠳᠣᠯᠤᠭ᠎ᠠ︶
ᠨᠡᠶᠢᠲᠡᠯᠡᠭᠰᠡᠨ ᠴᠠᠭ᠄
2020/5/29
     ᠠᠰᠠᠭᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠪ ᠤᠨ ᠬᠡᠯᠡᠯᠴᠡᠭᠡᠷ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ ︵2018 — 2020 ᠣᠨ︶ ᠤᠨ ᠱᠠᠭᠠᠷᠳᠠᠯᠭ᠎ᠠ ᠶᠣᠰᠣᠭᠠᠷ᠂ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠶᠢ ᠬᠡᠷᠬᠢᠨ ᠵᠣᠬᠢᠶᠠᠨ ᠪᠠᠶᠢᠭᠤᠯᠵᠤ᠂ ᠠᠵᠢᠯ ᠣᠯᠭᠤᠬᠤ ᠶᠢ ᠲᠡᠳᠬᠦᠨ ᠳᠡᠮᠵᠢᠬᠦ ᠠᠵᠢᠯᠯᠠᠭ᠎ᠠ ᠶᠢ ᠬᠡᠷᠡᠭᠵᠢᠭᠦᠯᠬᠦ ᠪᠣᠢ︖ ᠬᠠᠷᠢᠭᠤᠯᠲᠠ᠄ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠶᠢ ᠥᠷᠨᠢᠭᠦᠯᠵᠦ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠵᠣᠬᠢᠶᠠᠨ ᠪᠠᠶᠢᠭᠤᠯᠵᠤ ᠪᠠᠶᠢᠭᠠᠳ ᠪᠡᠭᠡᠵᠢᠩ ᠬᠤᠲᠠ ᠶᠢᠨ ᠠᠵᠢᠯ ᠲᠥᠷᠥᠯ ᠨᠢᠭᠡᠲᠡᠢ ᠪᠠᠷ ᠬᠠᠪᠰᠤᠷᠤᠨ ᠲᠡᠳᠬᠦᠬᠦ 16 ᠲᠣᠭᠤᠷᠢᠭ ᠲᠠᠢ ᠲᠤᠰ ᠲᠤᠰ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠯᠭ᠎ᠠ ᠪᠠᠷ ᠶᠠᠳᠠᠭᠤ ᠶᠢ ᠲᠡᠳᠬᠦᠬᠦ ᠬᠡᠯᠡᠯᠴᠡᠭᠡᠷ ᠲᠣᠭᠲᠠᠭᠠᠨ᠎ᠠ᠃ ᠵᠥᠪᠳᠡᠯᠴᠡᠨ ᠰᠣᠯᠢᠯᠴᠠᠵᠤ ᠬᠠᠷᠢᠯᠴᠠᠨ ᠰᠤᠷᠪᠤᠯᠵᠢᠯᠠᠬᠤ ᠳᠦᠷᠢᠮ ᠢ ᠪᠠᠶᠢᠭᠤᠯᠤᠨ᠂ ᠵᠥᠪᠳᠡᠯᠴᠡᠭᠡᠨ ᠤ ᠬᠤᠷᠠᠯ ᠪᠠ ᠶᠠᠷᠢᠯᠴᠠᠭᠠᠨ ᠤ ᠬᠤᠷᠠᠯ ᠵᠡᠷᠭᠡ ᠣᠷᠣᠨ ᠬᠡᠪᠴᠢᠶᠡᠨ ᠤ ᠴᠢᠨᠠᠷᠲᠠᠢ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠡᠭᠡᠯᠵᠢᠯᠡᠨ ᠵᠣᠬᠢᠶᠠᠨ ᠪᠠᠶᠢᠭᠤᠯᠵᠤ᠂ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠯᠭ᠎ᠠ ᠶᠢ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠬᠥᠭᠵᠢᠭᠦᠯᠬᠦ ᠶᠢ ᠠᠬᠢᠭᠤᠯᠤᠨ᠎ᠠ᠃ ᠬᠠᠩᠭᠠᠯᠭ᠎ᠠ ᠬᠡᠷᠡᠭᠴᠡᠭᠡᠨ ᠤ ᠮᠡᠳᠡᠭᠡ ᠵᠠᠩᠭᠢ ᠶᠢ ᠵᠣᠯᠭᠠᠯᠳᠤᠭᠤᠯᠬᠤ ᠶᠢ ᠴᠢᠩᠭᠠᠳᠬᠠᠵᠤ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠪᠠ ᠨᠡᠶᠢᠲᠡᠯᠡᠬᠦ ᠣᠷᠣᠨ ᠬᠡᠪᠴᠢᠶ᠎ᠡ ᠠᠯᠤᠰᠯᠠᠭᠰᠠᠨ᠂ ᠬᠡᠪᠰᠢᠵᠢᠭᠦᠯᠦᠭᠰᠡᠨ ᠲᠣᠭᠲᠠᠴᠠ ᠶᠢ ᠪᠠᠶᠢᠭᠤᠯᠤᠨ᠂ ᠣᠯᠠᠨ ᠬᠡᠯᠪᠡᠷᠢ ᠶᠠᠩᠵᠤ ᠶᠢᠨ ᠲᠤᠰᠬᠠᠢ ᠲᠠᠯᠠᠪᠤᠷ ᠤᠨ ᠤᠷᠢᠨ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠪᠠ ᠠᠵᠢᠯᠴᠢᠨ ᠬᠡᠷᠡᠭᠯᠡᠬᠦ ᠨᠢᠭᠡᠴᠢ ᠳᠤ ᠵᠣᠯᠭᠠᠯᠳᠤᠭᠤᠯᠬᠤ ᠲᠠᠪᠴᠠᠩ ᠪᠠᠶᠢᠭᠤᠯᠵᠤ ᠥᠭᠭᠦᠨ᠎ᠡ᠃ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠠᠵᠢᠯ ᠣᠯᠬᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢᠨᠡᠭᠡᠯᠢᠭᠵᠢᠯ ᠤᠨ ᠵᠠᠮ ᠢᠶᠠᠷ ᠵᠠᠮᠨᠠᠭᠰᠠᠨ ᠳᠠᠭᠠᠭᠤᠯᠤᠭᠴᠢ᠂ ᠲᠠᠷᠢᠶᠠᠯᠠᠩ ᠮᠠᠯ ᠠᠵᠤ ᠠᠬᠤᠢ ᠶᠢᠨ ᠬᠡᠷᠡᠭᠯᠡᠭᠦᠰᠢᠲᠡᠢ ᠮᠡᠷᠭᠡᠵᠢᠯ ᠵᠢᠴᠢ ᠢᠳᠡᠭᠡᠨ ᠤᠮᠳᠠᠭᠠᠨ᠂ ᠭᠡᠷ ᠠᠬᠤᠢ ᠶᠢᠨ ᠦᠢᠯᠡᠴᠢᠯᠡᠭᠡ᠂ ᠵᠢᠭᠤᠯᠴᠢᠯᠠᠯ ᠤᠨ ᠦᠢᠯᠡᠴᠢᠯᠡᠭᠡ ᠵᠡᠷᠭᠡ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ᠃ ᠠᠵᠢᠯ ᠣᠯᠭᠤᠬᠤ ᠪᠠᠷ ᠶᠠᠳᠠᠭᠤ ᠶᠢ ᠲᠡᠳᠬᠦᠬᠦ ᠠᠴᠢᠶᠠᠯᠠᠭᠴᠢ ᠶᠢ ᠪᠠᠶᠢᠭᠤᠯᠤᠨ᠂ ᠪᠡᠭᠡᠵᠢᠩ ᠬᠤᠲᠠ ᠶᠢᠨ ᠠᠵᠤ ᠠᠬᠤᠶᠢᠯᠠᠯ ᠤᠨ ᠮᠠᠨ ᠤ ᠣᠷᠣᠨ ᠤ ᠪᠠᠶᠢᠭᠠᠯᠢ ᠶᠢᠨ ᠨᠥᠬᠦᠴᠡᠯ ᠪᠠ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠠᠵᠢᠯ ᠣᠯᠭᠤᠬᠤ ᠦᠢᠯᠡᠳᠪᠦᠷᠢ ᠶᠢᠨ ᠲᠠᠰᠤᠭ᠂ ᠨᠡᠶᠢᠭᠡᠮ ᠲᠣᠭᠤᠷᠢᠭ ᠤᠨ ᠦᠢᠯᠡᠳᠪᠦᠷᠢ᠂ ︽ᠳᠠᠭᠠᠭᠤᠯᠢ ᠣᠳᠣᠨ ᠤ ᠦᠢᠯᠡᠳᠪᠦᠷᠢ︾ ᠵᠡᠷᠭᠡ ᠠᠵᠢᠯ ᠣᠯᠭᠤᠬᠤ ᠪᠠᠷ ᠶᠠᠳᠠᠭᠤ ᠶᠢ ᠲᠡᠳᠬᠦᠬᠦ ᠠᠴᠢᠶᠠᠯᠠᠭᠴᠢ ᠪᠠᠶᠢᠭᠤᠯᠬᠤ ᠶᠢ ᠳᠡᠮᠵᠢᠬᠦ ᠪᠠ ᠲᠠᠲᠠᠵᠤ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠤ ᠠᠵᠢᠯ ᠣᠯᠬᠤ ᠶᠢ ᠳᠠᠶᠢᠴᠢᠯᠠᠨ᠎ᠠ᠃ ᠠᠵᠢᠯ ᠲᠥᠷᠥᠯ ᠨᠢᠭᠡᠲᠡᠨ ᠤ ᠳᠡᠮᠵᠢᠨ ᠲᠤᠰᠠᠯᠠᠬᠤ ᠲᠣᠭᠲᠠᠴᠠ ᠶᠢ ᠪᠠᠶᠢᠭᠤᠯᠵᠤ᠂ ᠪᠡᠭᠡᠵᠢᠩ ᠬᠤᠲᠠ ᠶᠢᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠲᠠᠢ ᠵᠣᠬᠢᠴᠠᠭᠤᠯᠤᠨ ᠣᠯᠠᠨ ᠵᠦᠢᠯ ᠤᠨ ᠠᠷᠭ᠎ᠠ ᠬᠡᠯᠪᠡᠷᠢ ᠪᠠᠷ ᠬᠡᠷᠡᠭᠯᠡᠭᠡᠨ ᠤ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠲᠣᠮᠢᠯᠠᠵᠤ ᠪᠣᠯᠪᠠᠰᠤᠷᠠᠭᠤᠯᠤᠯ ᠥᠷᠨᠢᠭᠦᠯᠦᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠨ᠎ᠡ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号