| | ᠶᠠᠳᠠᠭᠤ ᠶᠢ ᠲᠡᠳᠬᠦᠬᠦ ᠡᠲᠡᠭᠡᠳ ᠢ ᠪᠤᠴᠠᠭᠠᠨ ᠭᠠᠷᠭᠠᠬᠤ ᠨᠢᠭᠡ᠂ ᠶᠠᠳᠠᠭᠤ ᠬᠦᠴᠢᠷᠳᠡᠯᠲᠡᠢ ᠡᠷᠦᠬᠡ ᠶᠢ | ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ︵1︶ ᠶᠠᠳᠠᠭᠤ ᠬᠦᠴᠢᠷᠳᠡᠯᠲᠡᠢ ᠡᠷᠦᠬᠡ ᠶᠢ ᠶᠠᠳᠠᠭᠤ ᠠᠴᠠ | ᠠᠩᠭᠢᠵᠢᠷᠠᠭᠤᠯᠵᠤ ᠪᠤᠴᠠᠭᠠᠨ ᠭᠠᠷᠭᠠᠬᠤ ᠪᠠᠷᠢᠮᠵᠢᠶ᠎ᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ | ᠠᠩᠭᠢᠵᠢᠷᠠᠭᠤᠯᠵᠤ ᠪᠤᠴᠠᠭᠠᠨ ᠭᠠᠷᠭᠠᠬᠤ ᠳᠤ ᠡᠷᠦᠬᠡ ᠪᠠᠷ ᠨᠢᠭᠡᠴᠢ ᠪᠣᠯᠭᠠᠵᠤ᠂ ᠡᠷᠬᠡᠪᠰᠢ ︽ᠬᠤᠶᠠᠷ ᠲᠤ ᠵᠣᠪᠠᠭ᠋ᠤ | ᠦᠭᠡᠢ᠂ ᠭᠤᠷᠪᠠ ᠶᠢ ᠪᠠᠲᠤᠯᠠᠬᠤ᠂ ᠨᠢᠭᠡ ᠶᠢ ᠪᠠᠷᠢᠮᠵᠢᠶ᠎ᠠ ᠳᠤ ᠬᠦᠷᠭᠡᠬᠦ︾ ᠪᠠᠷᠢᠮᠵᠢᠶ᠎ᠠ ᠳᠤ ᠬᠦᠷᠭᠡᠬᠦ ᠬᠡᠷᠡᠭᠲᠡᠢ᠃ | ᠲᠤᠬᠠᠶᠢᠯᠠᠪᠠᠯ ᠢᠳᠡᠬᠦ᠂ ᠡᠮᠦᠰᠬᠦ ᠳᠤ ᠵᠣᠪᠠᠭ᠋ᠤ ᠦᠭᠡᠢ︔ ᠠᠯᠪᠠᠨ ᠵᠢᠷᠤᠮ ᠤᠨ ᠰᠤᠷᠭᠠᠨ ᠬᠥᠮᠥᠵᠢᠯ᠂ ᠦᠨᠳᠦᠰᠦᠨ | ᠡᠮᠴᠢᠯᠡᠭᠡ᠂ ᠣᠷᠣᠨ ᠰᠠᠭᠤᠴᠠ ᠶᠢᠨ ᠠᠮᠤᠷ ᠲᠦᠪᠰᠢᠨ ᠨᠢ ᠪᠠᠲᠤᠯᠠᠭ᠎ᠠ ᠲᠠᠢ ᠮᠥᠷᠲᠡᠭᠡᠨ ᠭᠡᠷ ᠪᠦᠯᠢ ᠶᠢᠨ ᠬᠢᠨᠢ | ᠵᠢᠯ ᠤᠨ ᠬᠥᠮᠥᠨ ᠳᠤᠮᠳᠠᠴᠢ ᠴᠡᠪᠡᠷ ᠣᠷᠣᠯᠭ᠎ᠠ ᠨᠢ 3200 ᠲᠥᠭᠦᠷᠢᠭ / ᠵᠢᠯ · ᠬᠥᠮᠥᠨ ᠳᠤ ᠲᠣᠭᠲᠠᠭᠤᠨ ᠢᠶᠠᠷ | ᠬᠦᠷᠬᠦ ᠬᠡᠷᠡᠭᠲᠡᠢ᠃ ︵2︶ ᠶᠠᠳᠠᠭᠤ ᠬᠦᠴᠢᠷᠳᠡᠯᠲᠡᠢ ᠡᠷᠦᠬᠡ ᠶᠢ ᠪᠤᠴᠠᠭᠠᠨ ᠭᠠᠷᠭᠠᠬᠤ ᠠᠯᠬᠤᠮ ᠳᠠᠷᠠᠭᠠᠯᠠᠯ a. | ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠵᠢᠴᠢ ᠬᠠᠪᠰᠤᠷᠤᠨ ᠲᠡᠳᠬᠦᠬᠦ | ᠬᠠᠷᠢᠭᠤᠴᠠᠯᠭᠠᠲᠠᠳ ᠠᠴᠠ ᠶᠠᠳᠠᠭᠤ ᠬᠦᠴᠢᠷᠳᠡᠯᠲᠡᠢ ᠡᠷᠦᠬᠡ ᠶᠢ ᠪᠤᠴᠠᠭᠠᠨ ᠭᠠᠷᠭᠠᠬᠤ ᠭᠦᠢᠴᠡᠳᠬᠡᠯ ᠲᠤᠭ᠎ᠠ ᠶᠢ | ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ ᠶᠠᠳᠠᠭᠤ ᠬᠦᠴᠢᠷᠳᠡᠯᠲᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠤᠨ | ᠪᠤᠴᠠᠭᠠᠨ ᠭᠠᠷᠭᠠᠬᠤ ᠠᠩᠬᠠᠨ ᠤ ᠰᠣᠩᠭᠤᠭᠤᠯᠢ ᠶᠢᠨ ᠨᠡᠷᠡᠰ ᠢ ᠳᠤᠷᠠᠳᠤᠨ ᠭᠠᠷᠭᠠᠨ᠎ᠠ᠃ b. ᠰᠢᠶᠠᠩ ᠪᠠᠯᠭᠠᠰᠤ ᠠᠴᠠ | ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠵᠢᠴᠢ ᠬᠠᠪᠰᠤᠷᠤᠨ ᠲᠡᠳᠬᠦᠬᠦ | ᠬᠠᠷᠢᠭᠤᠴᠠᠯᠭᠠᠲᠠᠳ ᠢ ᠵᠣᠬᠢᠶᠠᠨ ᠪᠠᠶᠢᠭᠤᠯᠵᠤ ᠪᠠᠶᠢᠭᠠᠳ ᠡᠷᠦᠬᠡ ᠳᠤ ᠣᠷᠣᠭᠤᠯᠤᠨ ᠬᠠᠷᠭᠤᠭᠤᠯᠤᠨ ᠨᠤᠲᠠᠯᠠᠵᠤ᠂ | ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠴᠤᠭᠯᠠᠭᠤᠯᠤᠨ᠎ᠠ᠃ ᠬᠠᠷᠭᠤᠭᠤᠯᠤᠨ ᠨᠤᠲᠠᠯᠠᠬᠤ ᠪᠠᠷ | ᠳᠠᠮᠵᠢᠭᠤᠯᠤᠨ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠨᠥᠬᠦᠴᠡᠯ ᠳᠤ ᠨᠡᠶᠢᠴᠡᠭᠰᠡᠨ ᠪᠣᠯ᠂ ᠶᠠᠳᠠᠭᠤ | ᠬᠦᠴᠢᠷᠳᠡᠯᠲᠡᠢ ᠡᠷᠦᠬᠡ ᠪᠠ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠬᠠᠮᠲᠤ ᠪᠠᠷ ᠭᠠᠷ ᠤᠨ ᠦᠰᠦᠭ ᠵᠢᠷᠤᠵᠤ | ᠨᠤᠲᠠᠯᠠᠨ᠎ᠠ᠃ c. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠠᠴᠠ | ᠡᠷᠦᠬᠡ ᠳᠤ ᠣᠷᠣᠵᠤ ᠬᠠᠷᠭᠤᠭᠤᠯᠤᠨ ᠨᠤᠲᠠᠯᠠᠭᠰᠠᠨ ᠦᠷ᠎ᠡ ᠳ᠋ᠦᠩ ᠢ ᠦᠨᠳᠦᠰᠦᠯᠡᠨ᠂ ᠲᠣᠰᠬᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠶᠠᠳᠠᠭᠤ ᠬᠦᠴᠢᠷᠳᠡᠯᠲᠡᠢ | ᠡᠷᠦᠬᠡ ᠶᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠲᠤᠬᠠᠢ ᠠᠷᠠᠳᠴᠢᠯᠠᠯ ᠢᠶᠠᠷ ᠵᠥᠪᠯᠡᠨ | ᠲᠣᠭᠲᠠᠭᠠᠨ᠎ᠠ᠃ d. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠠᠴᠠ | ᠠᠷᠠᠳᠴᠢᠯᠠᠯ ᠢᠶᠠᠷ ᠵᠥᠪᠯᠡᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ᠂ ᠶᠠᠳᠠᠭᠤ ᠠᠴᠠ ᠠᠩᠭᠢᠵᠢᠷᠠᠭᠤᠯᠵᠤ | ᠪᠤᠴᠠᠭᠠᠨ ᠭᠠᠷᠭᠠᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ ᠨᠡᠶᠢᠲᠡ ᠳᠤ | ᠵᠠᠷᠯᠠᠬᠤ ᠶᠢᠨ ᠬᠠᠮᠲᠤ ᠳᠡᠭᠡᠭᠰᠢ ᠰᠢᠶᠠᠩ ᠪᠠᠯᠭᠠᠰᠤ ᠳᠤ ᠮᠡᠳᠡᠭᠦᠯᠵᠦ᠂ ᠨᠡᠶᠢᠲᠡ ᠳᠤ ᠵᠠᠷᠯᠠᠬᠤ ᠬᠤᠭᠤᠴᠠᠭ᠎ᠠ ᠨᠢ | ᠠᠳᠠᠭ ᠲᠤ ᠪᠠᠨ 7 ᠡᠳᠦᠷ ᠪᠠᠶᠢᠬᠤ ᠬᠡᠷᠡᠭᠲᠡᠢ᠃ e. ᠰᠢᠶᠠᠩ ᠪᠠᠯᠭᠠᠰᠤ ᠠᠴᠠ ᠲᠤᠰᠬᠤᠨ ᠤ ᠳᠡᠭᠡᠭᠰᠢ | ᠮᠡᠳᠡᠭᠦᠯᠦᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠡᠷᠦᠬᠡ ᠳᠠᠷᠠᠭᠠᠯᠠᠨ ᠬᠠᠷᠭᠤᠭᠤᠯᠤᠨ | ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠪᠠᠷᠢᠮᠵᠢᠶ᠎ᠠ ᠳᠤ | ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ ᠨᠡᠶᠢᠲᠡ ᠳᠤ ᠵᠠᠷᠯᠠᠨ᠂ ᠨᠡᠶᠢᠲᠡ ᠳᠤ ᠵᠠᠷᠯᠠᠬᠤ | ᠬᠤᠭᠤᠴᠠᠭ᠎ᠠ ᠨᠢ ᠠᠳᠠᠭ ᠲᠤ ᠪᠠᠨ 7 ᠡᠳᠦᠷ ᠪᠠᠶᠢᠵᠤ᠂ ᠨᠡᠶᠢᠲᠡᠯᠡᠯ ᠵᠠᠷᠯᠠᠯ ᠳᠤ ᠣᠨᠳᠣᠣ ᠰᠠᠨᠠᠯ ᠦᠭᠡᠢ ᠪᠣᠯ ᠭᠤᠣᠯ | ᠤᠳᠤᠷᠢᠳᠤᠯᠭ᠎ᠠ ᠠᠴᠠ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠨ ᠨᠤᠲᠠᠯᠠᠭᠰᠠᠨ ᠤ ᠳᠠᠷᠠᠭ᠎ᠠ ᠳᠡᠭᠡᠭᠰᠢ | ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠲᠤ | ᠮᠡᠳᠡᠭᠦᠯᠦᠨ᠎ᠡ᠃ f. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ | ᠰᠠᠯᠠᠭ᠎ᠠ ᠮᠥᠴᠢᠷ ᠠᠴᠠ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠮᠡᠳᠡᠭᠡ ᠵᠠᠩᠭᠢ ᠳᠤ ᠰᠤᠭᠤᠴᠢᠨ | ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ | ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ ᠲᠣᠰᠬᠤᠨ ᠤ ᠢᠯᠡ ᠪᠠᠶᠢᠷᠢᠨ ᠳᠤ | ᠨᠡᠶᠢᠲᠡ ᠳᠤ ᠵᠠᠷᠯᠠᠨ᠎ᠠ᠃ g. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ | ᠲᠡᠳᠬᠦᠬᠦ ᠰᠠᠯᠠᠭ᠎ᠠ ᠮᠥᠴᠢᠷ ᠠᠴᠠ ᠰᠢᠶᠠᠩ ᠪᠠᠯᠭᠠᠰᠤ ᠶᠢᠨ ᠶᠠᠳᠠᠭᠤ ᠶᠢ ᠲᠡᠳᠬᠦᠬᠦ ᠺᠠᠳ᠋ᠷᠴᠤᠳ ᠢ ᠵᠣᠬᠢᠶᠠᠨ | ᠪᠠᠶᠢᠭᠤᠯᠵᠤ ᠪᠠᠶᠢᠭᠠᠳ ᠪᠦᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ | ᠰᠢᠰᠲ᠋ᠧᠮ ᠳᠤ ᠶᠠᠳᠠᠭᠤ ᠠᠴᠠ ᠠᠩᠭᠢᠵᠢᠷᠠᠭᠰᠠᠨ ᠬᠥᠮᠥᠰ ᠳᠤ ᠲᠣᠳᠣᠷᠬᠠᠶᠢᠯᠠᠯᠲᠠ ᠬᠢᠨ᠎ᠡ᠃ ︵3︶ ᠶᠠᠳᠠᠭᠤ | ᠬᠦᠴᠢᠷᠳᠡᠯᠲᠡᠢ ᠡᠷᠦᠬᠡ ᠶᠢ ᠪᠤᠴᠠᠭᠠᠨ ᠭᠠᠷᠭᠠᠬᠤ ᠱᠠᠭᠠᠷᠳᠠᠯᠭ᠎ᠠ 2018 ᠣᠨ ᠤ ᠶᠠᠳᠠᠭᠤ ᠬᠦᠴᠢᠷᠳᠡᠯᠲᠡᠢ ᠬᠥᠮᠥᠨ | ᠠᠮᠠ ᠶᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠳᠤ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ | ᠪᠠᠲᠤᠯᠠᠬᠤ᠂ ᠨᠢᠭᠡ ᠶᠢ ᠪᠠᠷᠢᠮᠵᠢᠶ᠎ᠠ ᠳᠤ ᠬᠦᠷᠭᠡᠬᠦ︾ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠤᠤᠭᠤᠬᠤ ᠤᠰᠤᠨ ᠤ | ᠠᠮᠤᠷ ᠲᠦᠪᠰᠢᠨ᠂ ᠠᠯᠪᠠᠨ ᠵᠢᠷᠤᠮ ᠤᠨ ᠰᠤᠷᠭᠠᠨ ᠬᠥᠮᠥᠵᠢᠯ᠂ ᠦᠨᠳᠦᠰᠦᠨ ᠡᠮᠴᠢᠯᠡᠭᠡ᠂ ᠣᠷᠣᠨ ᠰᠠᠭᠤᠴᠠ ᠶᠢᠨ | ᠠᠮᠤᠷ ᠲᠦᠪᠰᠢᠨ᠂ ᠭᠡᠷ ᠪᠦᠯᠢ ᠶᠢᠨ ᠵᠢᠯ ᠤᠨ ᠬᠥᠮᠥᠨ ᠳᠤᠮᠳᠠᠴᠢ ᠴᠡᠪᠡᠷ ᠣᠷᠣᠯᠭ᠎ᠠ ᠭᠡᠬᠦ 5 ᠵᠦᠢᠯ ᠤᠨ | ᠦᠭᠡᠶᠢᠰᠬᠡᠬᠦ ᠪᠠᠷᠢᠮᠵᠢᠶ᠎ᠠ ᠶᠢ ᠨᠢᠭᠡᠳᠦᠯᠲᠡᠢ ᠪᠠᠷ ᠰᠢᠯᠭᠠᠨ ᠬᠤᠷᠢᠶᠠᠵᠤ ᠠᠪᠬᠤ ᠬᠡᠷᠡᠭᠲᠡᠢ᠃ ᠬᠡᠷᠪᠡ ᠨᠢᠭᠡ ᠵᠦᠢᠯ ᠨᠢ | ᠪᠠᠷᠢᠮᠵᠢᠶ᠎ᠠ ᠳᠤ ᠬᠦᠷᠦᠭᠰᠡᠨ ᠦᠭᠡᠢ ᠪᠣᠯ ᠶᠠᠳᠠᠭᠤ ᠠᠴᠠ ᠠᠩᠭᠢᠵᠢᠷᠠᠭᠰᠠᠨ ᠨᠡᠷᠡᠰ ᠲᠤ ᠣᠷᠣᠭᠤᠯᠵᠤ ᠪᠣᠯᠬᠤ ᠦᠭᠡᠢ᠃ | ᠬᠤᠶᠠᠷ᠂ ᠶᠠᠳᠠᠭᠤ ᠬᠦᠴᠢᠷᠳᠡᠯᠲᠡᠢ ᠲᠣᠰᠬᠤᠨ ᠢ ᠪᠤᠴᠠᠭᠠᠨ ᠭᠠᠷᠭᠠᠬᠤ ︵1︶ ᠶᠠᠳᠠᠭᠤ ᠬᠦᠴᠢᠷᠳᠡᠯᠲᠡᠢ ᠲᠣᠰᠬᠤᠨ ᠢ | ᠪᠤᠴᠠᠭᠠᠨ ᠭᠠᠷᠭᠠᠬᠤ ᠪᠠᠷᠢᠮᠵᠢᠶ᠎ᠠ ᠶᠠᠳᠠᠭᠤ ᠬᠦᠴᠢᠷᠳᠡᠯᠲᠡᠢ ᠲᠣᠰᠬᠤᠨ ᠢ ᠪᠤᠴᠠᠭᠠᠨ ᠭᠠᠷᠭᠠᠬᠤ ᠳᠤ ᠶᠠᠳᠠᠭᠤ | ᠬᠦᠴᠢᠷᠳᠡᠯᠲᠡᠢ ᠪᠠᠶᠢᠳᠠᠯ ᠡᠭᠦᠰᠦᠭᠰᠡᠨ ᠨᠣᠷᠮ᠎ᠠ ᠨᠢ 3% ᠠᠴᠠ ᠳᠣᠣᠷ᠎ᠠ ᠪᠠᠶᠢᠬᠤ ᠪᠠᠷ ᠪᠠᠷᠢᠮᠵᠢᠶᠠᠯᠠᠬᠤ ᠭᠤᠣᠯ | ᠪᠠᠷᠢᠮᠵᠢᠶ᠎ᠠ ᠪᠣᠯᠭᠠᠵᠤ᠂ ᠲᠣᠰᠬᠤᠨ ᠤ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ᠂ | ᠠᠵᠤ ᠦᠢᠯᠡᠰ ᠤᠨ ᠬᠥᠭᠵᠢᠯᠲᠡ ᠪᠠ ᠨᠡᠶᠢᠲᠡ ᠶᠢᠨ ᠠᠵᠤ ᠠᠬᠤᠢ ᠶᠢᠨ ᠣᠷᠣᠯᠭ᠎ᠠ ᠵᠡᠷᠭᠡ ᠶᠡᠷᠦᠩᠬᠡᠶᠢᠯᠡᠭᠰᠡᠨ ᠬᠦᠴᠦᠨ | ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠬᠡᠷᠡᠭᠲᠡᠢ᠃ ︵2︶ ᠶᠠᠳᠠᠭᠤ ᠬᠦᠴᠢᠷᠳᠡᠯᠲᠡᠢ ᠲᠣᠰᠬᠤᠨ ᠢ | ᠪᠤᠴᠠᠭᠠᠨ ᠭᠠᠷᠭᠠᠬᠤ ᠠᠯᠬᠤᠮ ᠳᠠᠷᠠᠭᠠᠯᠠᠯ a. ᠶᠠᠳᠠᠭᠤ ᠬᠦᠴᠢᠷᠳᠡᠯᠲᠡᠢ ᠲᠣᠰᠬᠤᠨ ᠠᠴᠠ ᠪᠠᠶᠢᠭ᠎ᠠ ᠰᠢᠶᠠᠩ | ᠪᠠᠯᠭᠠᠰᠤ ᠳᠤ ᠪᠠᠨ ᠪᠤᠴᠠᠨ ᠭᠠᠷᠬᠤ ᠭᠤᠶᠤᠴᠢᠯᠠᠯ ᠳᠤᠷᠠᠳᠤᠨ᠎ᠠ᠃ b. ᠰᠢᠶᠠᠩ ᠪᠠᠯᠭᠠᠰᠤ ᠠᠴᠠ ᠲᠣᠰᠬᠤᠨ ᠤ ᠪᠤᠴᠠᠨ | ᠭᠠᠷᠬᠤ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ ᠠᠩᠬᠠᠨ ᠤ ᠬᠢᠨᠠᠯᠲᠠ ᠬᠢᠬᠦ ᠶᠢᠨ | ᠬᠠᠮᠲᠤ᠂ ᠰᠢᠶᠠᠩ ᠪᠠᠯᠭᠠᠰᠤ ᠶᠢᠨ ᠪᠠᠶᠢᠭ᠎ᠠ ᠭᠠᠵᠠᠷ ᠲᠤ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ | ᠬᠤᠭᠤᠴᠠᠭ᠎ᠠ ᠨᠢ ᠠᠳᠠᠭ ᠲᠤ ᠪᠠᠨ 7 ᠡᠳᠦᠷ ᠪᠠᠶᠢᠵᠤ᠂ ᠨᠡᠶᠢᠲᠡᠯᠡᠯ ᠵᠠᠷᠯᠠᠯ ᠳᠤ ᠣᠨᠳᠣᠣ ᠰᠠᠨᠠᠯ ᠦᠭᠡᠢ ᠪᠣᠯ ᠳᠡᠭᠡᠭᠰᠢ | ᠬᠤᠰᠢᠭᠤ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ᠎ᠡ᠃ | c. ᠬᠤᠰᠢᠭᠤ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ | ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠪᠤᠴᠠᠭᠠᠨ ᠭᠠᠷᠭᠠᠬᠤ ᠭᠡᠵᠦ ᠪᠠᠶᠢᠭ᠎ᠠ ᠶᠠᠳᠠᠭᠤ | ᠬᠦᠴᠢᠷᠳᠡᠯᠲᠡᠢ ᠲᠣᠰᠬᠤᠨ ᠤ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠵᠦᠢᠯ ᠳᠠᠷᠠᠭᠠᠯᠠᠨ ᠰᠢᠯᠭᠠᠨ ᠬᠤᠷᠢᠶᠠᠵᠤ | ᠠᠪᠬᠤ ᠶᠢᠨ ᠬᠠᠮᠲᠤ᠂ ᠰᠢᠯᠭᠠᠨ ᠬᠤᠷᠢᠶᠠᠵᠤ ᠠᠪᠤᠭᠰᠠᠨ ᠦᠷ᠎ᠡ ᠳ᠋ᠦᠩ ᠢ ᠳᠡᠭᠡᠭᠰᠢ ᠬᠤᠲᠠ ᠶᠢᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ᠎ᠡ᠃ d. ᠬᠤᠲᠠ ᠶᠢᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ ᠪᠠᠶᠢᠭᠠᠳ ᠪᠤᠴᠠᠭᠠᠨ ᠭᠠᠷᠭᠠᠵᠤ ᠭᠡᠵᠦ ᠪᠠᠶᠢᠭ᠎ᠠ ᠲᠣᠰᠬᠤᠨ ᠢ ᠰᠤᠭᠤᠴᠢᠨ ᠪᠠᠶᠢᠴᠠᠭᠠᠬᠤ ᠶᠢᠨ ᠬᠠᠮᠲᠤ᠂ | ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠬᠤᠰᠢᠭᠤ ᠰᠢᠶᠠᠨ ᠳᠤ ᠬᠠᠷᠢᠭᠤ ᠲᠤᠰᠬᠠᠨ᠎ᠠ᠃ e. ᠬᠤᠰᠢᠭᠤ | ᠰᠢᠶᠠᠨ ᠠᠴᠠ ᠰᠢᠯᠭᠠᠨ ᠬᠤᠷᠢᠶᠠᠵᠤ ᠠᠪᠤᠭᠰᠠᠨ ᠪᠠ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ᠂ | ᠪᠤᠴᠠᠭᠠᠨ ᠭᠠᠷᠭᠠᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠲᠣᠰᠬᠤᠨ ᠢ ᠵᠠᠷᠯᠠᠨ ᠨᠡᠶᠢᠲᠡᠯᠡᠵᠦ | ᠪᠤᠴᠠᠭᠠᠨ ᠭᠠᠷᠭᠠᠬᠤ ᠶᠢᠨ ᠬᠠᠮᠲᠤ᠂ ᠱᠠᠲᠤ ᠳᠠᠷᠠᠭᠠᠯᠠᠨ ᠮᠡᠳᠡᠭᠦᠯᠦᠨ ᠬᠦᠷᠭᠡᠵᠦ᠂ ᠬᠤᠲᠠ ᠶᠢᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠦᠷᠭᠡᠵᠦ ᠪᠦᠷᠢᠳᠬᠡᠨ | ᠳᠠᠩᠰᠠᠯᠠᠭᠤᠯᠤᠨ᠎ᠠ᠃ f. ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠪᠦᠬᠦ ᠤᠯᠤᠰ ᠤᠨ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠳᠤ ᠪᠤᠴᠠᠨ ᠭᠠᠷᠤᠭᠰᠠᠨ | ᠲᠤᠰᠬᠤᠨ ᠳᠤ ᠲᠣᠳᠣᠷᠬᠠᠶᠢᠯᠠᠯᠲᠠ ᠬᠢᠨ᠎ᠡ᠃ ᠭᠤᠷᠪᠠ᠂ ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ ︵ | 1︶ ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ ᠪᠠᠷᠢᠮᠵᠢᠶ᠎ᠠ ᠶᠠᠳᠠᠭᠤ ᠬᠦᠴᠢᠷᠳᠡᠯᠲᠡᠢ ᠰᠢᠶᠠᠨ ᠢ | ᠪᠤᠴᠠᠭᠠᠨ ᠭᠠᠷᠭᠠᠬᠤ ᠳᠤ ᠶᠡᠷᠦᠩᠬᠡᠶᠢᠯᠡᠭᠰᠡᠨ ᠶᠠᠳᠠᠭᠤ ᠬᠦᠴᠢᠷᠳᠡᠯᠲᠡᠢ ᠪᠠᠶᠢᠳᠠᠯ ᠡᠭᠦᠰᠦᠭᠰᠡᠨ ᠨᠣᠷᠮ᠎ᠠ ᠨᠢ 3% ᠠᠴᠠ | ᠳᠣᠣᠷ᠎ᠠ ᠪᠠᠶᠢᠬᠤ ᠪᠠᠷ ᠪᠠᠷᠢᠮᠵᠢᠶᠠᠯᠠᠬᠤ ᠭᠤᠣᠯ ᠪᠠᠷᠢᠮᠵᠢᠶ᠎ᠠ ᠪᠣᠯᠭᠠᠨ᠂ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢ ᠪᠤᠴᠠᠭᠠᠨ ᠭᠠᠷᠭᠠᠭᠰᠠᠨ ᠠᠯᠳᠠᠭᠳᠠᠯ ᠤᠨ ᠨᠣᠷᠮ᠎ᠠ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠭᠤᠭᠤᠵᠢᠭᠤᠯᠤᠨ ᠦᠨᠡᠯᠡᠭᠰᠡᠨ ᠨᠣᠷᠮ᠎ᠠ᠂ ᠠᠷᠠᠳ ᠲᠦᠮᠡᠨ ᠤ ᠨᠤᠲᠠᠯᠠᠯᠲᠠ ᠬᠢᠭᠰᠡᠨ ᠬᠡᠮᠵᠢᠶ᠎ᠡ ᠪᠠᠷ ᠯᠠᠪᠯᠠᠯᠲᠠ ᠶᠢᠨ | ᠭᠦᠢᠴᠡᠳᠬᠡᠯ ᠲᠤᠭ᠎ᠠ ᠪᠣᠯᠭᠠᠵᠤ᠂ ᠲᠠᠷᠢᠶᠠᠴᠢᠨ ᠤ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ | ᠨᠡᠮᠡᠭᠳᠡᠯ ᠤᠨ ᠬᠡᠮᠵᠢᠶ᠎ᠡ᠂ ᠶᠠᠳᠠᠭᠤ ᠬᠦᠴᠢᠷᠳᠡᠯᠲᠡᠢ ᠰᠢᠶᠠᠨ ᠤ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ | ᠦᠢᠯᠡᠴᠢᠯᠡᠭᠡ ᠶᠢᠨ ᠬᠦᠷᠢᠶ᠎ᠡ ᠴᠠᠷᠠᠭ᠎ᠠ ᠭᠡᠬᠦ ᠭᠤᠣᠯ ᠪᠤᠯᠠᠬᠤ ᠬᠦᠷᠢᠶ᠎ᠡ ᠴᠠᠷᠠᠭᠠᠨ ᠤ ᠭᠦᠢᠴᠡᠳᠬᠡᠯ ᠲᠤᠭ᠎ᠠ ᠶᠢᠨ | ᠪᠠᠷᠢᠮᠵᠢᠶ᠎ᠠ ᠳᠤ ᠬᠦᠷᠦᠭᠰᠡᠨ ᠪᠠᠶᠢᠳᠠᠯ ᠵᠢᠴᠢ ᠶᠠᠳᠠᠭᠤ ᠬᠦᠴᠢᠷᠳᠡᠯᠲᠡᠢ ᠰᠢᠶᠠᠨ ᠤ ᠶᠠᠳᠠᠭᠤ ᠠᠴᠠ ᠠᠩᠭᠢᠵᠢᠷᠠᠨ | ᠰᠢᠪᠲᠤᠯᠤᠯᠲᠠ ᠬᠢᠭᠰᠡᠨ ᠪᠠᠶᠢᠷᠢᠯᠠᠭᠤᠯᠤᠯᠲᠠ᠂ ᠬᠤᠶᠢᠨᠠᠬᠢ ᠦᠷᠭᠦᠯᠵᠢᠯᠡᠭᠰᠡᠨ ᠪᠠᠲᠤᠳᠬᠠᠨ ᠳᠡᠭᠡᠭᠰᠢᠯᠡᠭᠦᠯᠬᠦ ᠠᠵᠢᠯ ᠤᠨ | ᠲᠣᠬᠢᠷᠠᠭᠤᠯᠤᠯᠲᠠ ᠵᠡᠷᠭᠡ ᠪᠠᠶᠢᠳᠠᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠨ᠎ᠠ᠃ ︵2︶ ᠶᠠᠳᠠᠭᠤ ᠬᠦᠴᠢᠷᠳᠡᠯᠲᠡᠢ | ᠰᠢᠶᠠᠨ ᠢ ᠪᠤᠴᠠᠭᠠᠨ ᠭᠠᠷᠭᠠᠬᠤ ᠠᠯᠬᠤᠮ ᠳᠠᠷᠠᠭᠠᠯᠠᠯ ① ᠰᠢᠶᠠᠨ ᠠᠴᠠ ᠭᠤᠶᠤᠴᠢᠯᠠᠯ ᠭᠠᠷᠭᠠᠨ᠎ᠠ᠃ ᠶᠠᠳᠠᠭᠤ | ᠬᠦᠴᠢᠷᠳᠡᠯᠲᠡᠢ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ | ᠥᠪᠡᠰᠦᠪᠡᠨ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠶᠡᠷᠦᠩᠬᠡᠶᠢᠯᠡᠭᠰᠡᠨ ᠶᠠᠳᠠᠭᠤ ᠬᠦᠴᠢᠷᠳᠡᠯᠲᠡᠢ ᠪᠠᠶᠢᠳᠠᠯ | ᠡᠭᠦᠰᠬᠦ ᠨᠣᠷᠮ᠎ᠠ ᠶᠢᠨ ᠳᠣᠷᠣᠭᠰᠢᠯᠠᠭᠰᠠᠨ ᠪᠠᠶᠢᠳᠠᠯ ᠲᠠᠢ ᠬᠠᠷᠢᠴᠠᠭᠤᠯᠤᠯ ᠬᠢᠬᠦ ᠶᠢᠨ ᠬᠠᠮᠲᠤ᠂ ᠲᠠᠷᠢᠶᠠᠴᠢᠨ ᠤ ᠬᠥᠮᠥᠨ | ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠵᠢᠴᠢ ᠰᠠᠭᠤᠷᠢ ᠪᠡᠯᠡᠳᠬᠡᠮᠵᠢ᠂ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ ᠨᠢᠭᠡᠳᠦᠯᠲᠡᠢ ᠲᠥᠯᠥᠪᠯᠡᠨ | ᠪᠣᠳᠣᠯᠬᠢᠯᠠᠵᠤ᠂ ᠪᠤᠴᠠᠨ ᠭᠠᠷᠬᠤ ᠭᠤᠶᠤᠴᠢᠯᠠᠯ ᠳᠤᠷᠠᠳᠤᠨ᠂ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ᠎ᠡ᠃ ② ᠬᠤᠲᠠ ᠠᠴᠠ ᠠᠩᠬᠠᠨ ᠤ ᠬᠢᠨᠠᠯᠲᠠ ᠬᠢᠨ᠎ᠡ᠃ | ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠶᠠᠳᠠᠭᠤ | ᠬᠦᠴᠢᠷᠳᠡᠯᠲᠡᠢ ᠰᠢᠶᠠᠨ ᠤ ᠪᠤᠴᠠᠨ ᠭᠠᠷᠬᠤ ᠭᠤᠶᠤᠴᠢᠯᠠᠯ ᠢ ᠦᠨᠳᠦᠰᠦᠯᠡᠨ᠂ ᠬᠠᠮᠢᠶ᠎ᠠ ᠪᠦᠬᠦᠢ ᠬᠦᠴᠦᠨ ᠢ ᠵᠣᠬᠢᠶᠠᠨ | ᠪᠠᠶᠢᠭᠤᠯᠵᠤ ᠪᠠᠶᠢᠭᠠᠳ᠂ ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ ᠪᠠᠷᠢᠮᠵᠢᠶ᠎ᠠ ᠲᠠᠢ ᠬᠠᠷᠢᠴᠠᠭᠤᠯᠤᠯ | ᠬᠢᠵᠦ᠂ ᠶᠠᠳᠠᠭᠤ ᠬᠦᠴᠢᠷᠳᠡᠯᠲᠡᠢ ᠰᠢᠶᠠᠨ ᠢ ᠪᠤᠴᠠᠭᠠᠨ ᠭᠠᠷᠭᠠᠬᠤ ᠶᠠᠪᠤᠳᠠᠯ ᠳᠤ ᠠᠩᠬᠠᠨ ᠤ ᠬᠢᠨᠠᠯᠲᠠ ᠬᠢᠵᠦ᠂ | ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ᠎ᠡ᠃ ③ ᠥᠪᠡᠷᠲᠡᠭᠡᠨ ᠵᠠᠰᠠᠬᠤ ᠣᠷᠣᠨ ᠠᠴᠠ | ᠬᠠᠷᠭᠤᠭᠤᠯᠤᠨ ᠪᠠᠶᠢᠴᠠᠭᠠᠵᠤ ᠰᠢᠯᠭᠠᠨ ᠬᠤᠷᠢᠶᠠᠵᠤ ᠠᠪᠤᠨ᠎ᠠ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠠᠩᠬᠠᠨ ᠤ ᠬᠢᠨᠠᠯᠲᠠ ᠬᠢᠭᠰᠡᠨ ᠦᠷ᠎ᠡ ᠳ᠋ᠦᠩ ᠢ ᠦᠨᠳᠦᠰᠦᠯᠡᠨ᠂ | ᠬᠠᠮᠢᠶ᠎ᠠ ᠪᠦᠬᠦᠢ ᠬᠦᠴᠦᠨ ᠢ ᠵᠣᠬᠢᠶᠠᠨ ᠪᠠᠶᠢᠭᠤᠯᠵᠤ᠂ ᠪᠤᠴᠠᠭᠠᠨ ᠭᠠᠷᠭᠠᠬᠤ ᠭᠡᠵᠦ ᠪᠠᠶᠢᠭ᠎ᠠ ᠶᠠᠳᠠᠭᠤ ᠬᠦᠴᠢᠷᠳᠡᠯᠲᠡᠢ | ᠰᠢᠶᠠᠨ ᠳᠤ ᠲᠤᠰᠬᠠᠢ ᠵᠦᠢᠯ ᠤᠨ ᠦᠨᠡᠯᠡᠯᠲᠡ ᠵᠢᠱᠢᠯᠲᠡ ᠬᠢᠵᠦ ᠰᠢᠯᠭᠠᠨ ᠬᠤᠷᠢᠶᠠᠵᠤ ᠠᠪᠬᠤ ᠠᠵᠢᠯ ᠢ | ᠥᠷᠨᠢᠭᠦᠯᠬᠦ ᠶᠢᠨ ᠬᠠᠮᠲᠤ᠂ ᠬᠠᠷᠭᠤᠭᠤᠯᠤᠨ ᠪᠠᠶᠢᠴᠠᠭᠠᠵᠤ ᠰᠢᠯᠭᠠᠨ ᠬᠤᠷᠢᠶᠠᠵᠤ ᠠᠪᠤᠭᠰᠠᠨ ᠦᠷ᠎ᠡ ᠳ᠋ᠦᠩ ᠢ | ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ | ᠮᠡᠳᠡᠭᠦᠯᠵᠦ ᠬᠢᠨᠠᠨ ᠲᠣᠭᠲᠠᠭᠠᠨ᠎ᠠ᠃ ④ ᠨᠡᠶᠢᠲᠡ ᠳᠤ ᠵᠠᠷᠯᠠᠵᠤ ᠰᠠᠨᠠᠯ ᠬᠤᠷᠢᠶᠠᠨ᠎ᠠ᠃ ᠥᠪᠡᠷᠲᠡᠭᠡᠨ ᠵᠠᠰᠠᠬᠤ | ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ ᠬᠠᠷᠭᠤᠭᠤᠯᠤᠨ | ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠶᠠᠳᠠᠭᠤ ᠬᠦᠴᠢᠷᠳᠡᠯᠲᠡᠢ ᠰᠢᠶᠠᠨ ᠤ ᠪᠤᠴᠠᠭᠠᠨ ᠭᠠᠷᠭᠠᠬᠤ ᠨᠡᠷᠡᠰ ᠢ | ᠲᠣᠭᠲᠠᠭᠠᠵᠤ᠂ ᠨᠡᠶᠢᠭᠡᠮ ᠨᠡᠶᠢᠲᠡ ᠳᠤ ᠵᠠᠷᠯᠠᠨ ᠰᠠᠨᠠᠯ ᠬᠤᠷᠢᠶᠠᠵᠤ᠂ ᠨᠡᠶᠢᠲᠡ ᠳᠤ ᠵᠠᠷᠯᠠᠬᠤ ᠬᠤᠭᠤᠴᠠᠭ᠎ᠠ ᠨᠢ | ᠠᠳᠠᠭ ᠲᠤ ᠪᠠᠨ 7 ᠠᠵᠢᠯᠯᠠᠬᠤ ᠡᠳᠦᠷ ᠪᠠᠶᠢᠬᠤ ᠬᠡᠷᠡᠭᠲᠡᠢ᠃ ⑤ ᠵᠥᠪᠰᠢᠶᠡᠷᠡᠵᠦ ᠪᠦᠷᠢᠳᠬᠡᠨ ᠳᠠᠩᠰᠠᠯᠠᠨ᠎ᠠ᠃ | ᠵᠠᠷᠯᠠᠯ ᠨᠡᠶᠢᠲᠡᠯᠡᠯ ᠳᠤ ᠣᠨᠳᠣᠣ ᠰᠠᠨᠠᠯ ᠦᠭᠡᠢ ᠪᠣᠯ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠢᠶᠠᠨ ᠢ ᠶᠠᠳᠠᠭᠤ ᠠᠴᠠ ᠠᠩᠭᠢᠵᠢᠷᠠᠭᠤᠯᠵᠤ ᠪᠤᠴᠠᠭᠠᠨ ᠭᠠᠷᠭᠠᠬᠤ ᠶᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠶᠢᠨ ᠬᠠᠮᠲᠤ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠲᠡ ᠳᠤ ᠵᠠᠷᠯᠠᠨ᠎ᠠ᠃ | ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠢᠶᠠᠨ ᠢ ᠶᠠᠳᠠᠭᠤ ᠠᠴᠠ | ᠠᠩᠭᠢᠵᠢᠷᠠᠭᠤᠯᠵᠤ ᠪᠤᠴᠠᠭᠠᠨ ᠭᠠᠷᠭᠠᠬᠤ ᠶᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠵᠤ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠠᠴᠠ | ᠪᠤᠴᠠᠭᠠᠨ ᠭᠠᠷᠭᠠᠬᠤ ᠶᠢ ᠲᠤᠰᠬᠠᠢ ᠵᠦᠢᠯ ᠢᠶᠠᠷ ᠦᠨᠡᠯᠡᠨ ᠵᠢᠱᠢᠵᠦ ᠰᠤᠭᠤᠴᠢᠨ ᠪᠠᠶᠢᠴᠠᠭᠠᠬᠤ ᠶᠢ ᠴᠠᠭ | ᠲᠤᠬᠠᠢ ᠳᠤ ᠨᠢ ᠵᠣᠬᠢᠶᠠᠨ ᠪᠠᠶᠢᠭᠤᠯᠵᠤ᠂ ᠦᠨᠡᠯᠡᠨ ᠵᠢᠱᠢᠵᠦ ᠪᠦᠷᠢᠳᠬᠡᠨ ᠳᠠᠩᠰᠠᠯᠠᠭᠰᠠᠨ ᠤ ᠳᠠᠷᠠᠭ᠎ᠠ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠬᠦ ᠶᠢᠨ ᠬᠠᠮᠲᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠨ᠎ᠡ᠃ |