ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠠᠷᠪᠠ︶
ᠨᠡᠶᠢᠲᠡᠯᠡᠭᠰᠡᠨ ᠴᠠᠭ᠄
2020/5/29
     ᠶᠠᠳᠠᠭᠤ ᠶᠢ ᠲᠡᠳᠬᠦᠬᠦ ᠡᠲᠡᠭᠡᠳ ᠢ ᠢᠯᠭᠠᠨ ᠲᠠᠨᠢᠬᠤ 1. ᠶᠠᠳᠠᠭᠤ ᠬᠦᠴᠢᠷᠳᠡᠯᠲᠡᠢ ᠡᠷᠦᠬᠡ ᠶᠢ ᠢᠯᠭᠠᠨ ᠲᠠᠨᠢᠬᠤ ︵1︶ ᠶᠠᠳᠠᠭᠤ ᠬᠦᠴᠢᠷᠳᠡᠯᠲᠡᠢ ᠡᠷᠦᠬᠡ ᠶᠢ ᠰᠢᠨ᠎ᠡ ᠪᠠᠷ ᠢᠯᠭᠠᠨ ᠲᠠᠨᠢᠬᠤ ᠪᠠ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠪᠤᠴᠠᠵᠤ ᠶᠠᠳᠠᠭᠤ ᠬᠦᠴᠢᠷᠳᠡᠯᠲᠡᠢ ᠪᠣᠯᠣᠭᠰᠠᠨ ᠢ ᠣᠷᠣᠭᠤᠯᠬᠤ a. ᠶᠠᠳᠠᠭᠤ ᠬᠦᠴᠢᠷᠳᠡᠯᠲᠡᠢ ᠡᠷᠦᠬᠡ ᠶᠢ ᠢᠯᠭᠠᠨ ᠲᠠᠨᠢᠬᠤ ᠪᠠᠷᠢᠮᠵᠢᠶ᠎ᠠ᠄ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ᠂ ᠨᠢᠭᠡ ᠶᠢ ᠪᠠᠷᠢᠮᠵᠢᠶ᠎ᠠ ᠳᠤ ᠬᠦᠷᠭᠡᠬᠦ︾ ᠪᠠᠷ ᠭᠤᠣᠯ ᠦᠨᠳᠦᠰᠦᠯᠡᠯ ᠪᠣᠯᠭᠠᠵᠤ᠂ ᠭᠡᠷ ᠪᠦᠯᠢ ᠶᠢᠨ ᠬᠥᠮᠥᠨ ᠳᠤᠮᠳᠠᠴᠢ ᠴᠡᠪᠡᠷ ᠣᠷᠣᠯᠭ᠎ᠠ ᠶᠢ ᠮᠥᠨ ᠬᠦ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠶᠢ ᠲᠡᠳᠬᠦᠬᠦ ᠪᠠᠷᠢᠮᠵᠢᠶ᠎ᠠ ᠪᠣᠯᠬᠤ 2952 ᠲᠥᠭᠦᠷᠢᠭ ᠪᠠᠷ ᠶᠠᠪᠤᠭᠳᠠᠭᠤᠯᠤᠨ᠎ᠠ᠃ ︵2︶ ᠶᠠᠳᠠᠭᠤ ᠬᠦᠴᠢᠷᠳᠡᠯᠲᠡᠢ ᠡᠷᠦᠬᠡ ᠶᠢ ᠰᠢᠨ᠎ᠡ ᠪᠠᠷ ᠢᠯᠭᠠᠨ ᠲᠠᠨᠢᠬᠤ ᠠᠯᠬᠤᠮ ᠳᠠᠷᠠᠭᠠᠯᠠᠯ a. ᠪᠠᠶᠢᠭᠠᠯᠢᠯᠢᠭ ᠲᠣᠰᠬᠤᠨ ᠳᠤ ᠣᠷᠣᠰᠢᠨ ᠰᠠᠭᠤᠵᠤ ᠪᠠᠶᠢᠭ᠎ᠠ ᠲᠠᠷᠢᠶᠠᠴᠢᠨ ᠡᠷᠦᠬᠡ ᠠᠴᠠ ᠪᠠᠶᠢᠩᠭᠤ ᠰᠠᠭᠤᠷᠢᠰᠢᠭ᠎ᠠ ᠭᠠᠵᠠᠷ ᠤᠨ ᠲᠣᠰᠬᠤᠨ ᠤ ︽ᠬᠤᠶᠠᠷ ᠵᠥᠪᠯᠡᠯ︾ ᠳᠤ ᠪᠢᠴᠢᠭ ᠤᠨ ᠭᠤᠶᠤᠴᠢᠯᠠᠯ ᠵᠢᠴᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠳᠤ ᠬᠠᠷᠭᠤᠭᠤᠯᠤᠯᠲᠠ ᠬᠢᠬᠦ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠢᠶᠠᠨ ᠲᠤᠰᠢᠶᠠᠨ᠎ᠠ᠃ b. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠠᠴᠠ ᠲᠠᠷᠢᠶᠠᠴᠢᠨ ᠡᠷᠦᠬᠡ ᠶᠢᠨ ᠣᠷᠣᠰᠢᠨ ᠰᠠᠭᠤᠭ᠎ᠠ ᠪᠠᠶᠢᠭᠠᠯᠢᠯᠢᠭ ᠲᠣᠰᠬᠤᠨ ᠤ ᠲᠠᠷᠢᠶᠠᠴᠢᠨ ᠡᠷᠦᠬᠡ ᠶᠢᠨ ᠲᠥᠯᠥᠭᠡᠯᠡᠭᠴᠢᠳ ︵ᠵᠠᠷᠴᠢᠮ ᠳᠡᠭᠡᠷ᠎ᠡ ᠪᠠᠨ ᠡᠷᠦᠬᠡ ᠪᠦᠷᠢ 1 ᠬᠥᠮᠥᠨ︶ ᠢ ᠵᠣᠬᠢᠶᠠᠨ ᠪᠠᠶᠢᠭᠤᠯᠵᠤ ᠪᠠᠶᠢᠭᠠᠳ ᠭᠤᠶᠤᠴᠢᠯᠠᠯ ᠳᠡᠪᠰᠢᠭᠦᠯᠦᠭᠰᠡᠨ ᠲᠠᠷᠢᠶᠠᠴᠢᠨ ᠡᠷᠦᠬᠡ ᠶᠢ ᠠᠷᠠᠳᠴᠢᠯᠠᠯ ᠢᠶᠠᠷ ᠵᠥᠪᠯᠡᠨ ᠲᠣᠭᠲᠠᠭᠠᠵᠤ᠂ ᠠᠩᠬᠠᠨ ᠤ ᠰᠣᠩᠭᠤᠭᠤᠯᠢ ᠶᠢᠨ ᠨᠡᠷᠡᠰ ᠢ ᠪᠦᠷᠢᠯᠳᠦᠭᠦᠯᠦᠨ᠎ᠡ᠃ c. ᠠᠩᠬᠠᠨ ᠤ ᠰᠣᠩᠭᠤᠭᠤᠯᠢ ᠶᠢᠨ ᠨᠡᠷᠡᠰ ᠢ ᠰᠢᠶᠠᠩ ᠪᠠᠯᠭᠠᠰᠤ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠲᠤ ᠮᠡᠳᠡᠭᠦᠯᠦᠨ᠂ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠵᠦ᠂ ᠬᠠᠷᠢᠴᠠᠭᠤᠯᠤᠯ ᠬᠢᠭᠰᠡᠨ ᠦᠷ᠎ᠡ ᠳ᠋ᠦᠩ ᠢ ᠲᠣᠰᠬᠤᠨ ᠳᠤ ᠬᠦᠷᠲᠡᠯ᠎ᠡ ᠱᠠᠲᠤ ᠳᠠᠷᠠᠭᠠᠯᠠᠨ ᠬᠠᠷᠢᠭᠤ ᠲᠤᠰᠬᠠᠬᠤ ᠶᠢᠨ ᠬᠠᠮᠲᠤ᠂ ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠭᠰᠡᠨ ᠠᠭᠤᠯᠭ᠎ᠠ ᠶᠢ ᠳᠡᠭᠡᠭᠰᠢ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠳᠠᠬᠢᠨᠲᠠ ᠬᠠᠷᠢᠴᠠᠭᠤᠯᠤᠯ ᠬᠢᠵᠦ᠂ ᠡᠷᠡᠭᠡᠯᠵᠡᠭᠡ ᠲᠠᠢ ᠭᠠᠵᠠᠷ ᠪᠠᠶᠢᠪᠠᠯ ᠴᠠᠭ ᠲᠤᠬᠠᠢ ᠳᠤ ᠨᠢ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠲᠤ ᠬᠠᠷᠢᠭᠤ ᠲᠤᠰᠬᠠᠵᠤ᠂ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠠᠴᠠ ᠰᠢᠶᠠᠩ ᠪᠠᠯᠭᠠᠰᠤ᠂ ᠲᠣᠰᠬᠤᠨ ᠳᠤ ᠬᠦᠷᠲᠡᠯ᠎ᠡ ᠬᠠᠷᠢᠭᠤ ᠲᠤᠰᠬᠠᠨ ᠳᠠᠬᠢᠵᠤ ᠵᠥᠪᠯᠡᠨ ᠲᠣᠭᠲᠠᠭᠠᠨ᠎ᠠ᠃ d. ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠠᠴᠠ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠤᠨ᠂ ᠠᠩᠬᠠᠨ ᠤ ᠰᠣᠩᠭᠤᠭᠤᠯᠢ ᠶᠢᠨ ᠨᠡᠷᠡᠰ ᠢ ᠦᠨᠡᠯᠡᠨ ᠲᠣᠭᠲᠠᠭᠠᠵᠤ ᠪᠠᠲᠤᠯᠠᠭᠠᠳ᠂ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ ᠲᠣᠭᠲᠠᠭᠠᠬᠤ ᠶᠢᠨ ᠬᠠᠮᠲᠤ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠬᠤᠭᠤᠴᠠᠭ᠎ᠠ ᠨᠢ ᠠᠳᠠᠭ ᠲᠤ ᠪᠠᠨ 7 ᠡᠳᠦᠷ ᠪᠠᠶᠢᠵᠤ᠂ ᠨᠡᠶᠢᠲᠡᠯᠡᠯ ᠵᠠᠷᠯᠠᠯ ᠳᠤ ᠣᠨᠳᠣᠣ ᠰᠠᠨᠠᠯ ᠦᠭᠡᠢ ᠪᠣᠯ ᠰᠢᠶᠠᠩ ᠪᠠᠯᠭᠠᠰᠤ ᠳᠤ ᠮᠡᠳᠡᠭᠦᠯᠦᠨ᠎ᠡ᠃ e. ᠰᠢᠶᠠᠩ ᠪᠠᠯᠭᠠᠰᠤ ᠠᠴᠠ ᠰᠢᠨ᠎ᠡ ᠪᠠᠷ ᠢᠯᠭᠠᠨ ᠲᠠᠨᠢᠬᠤ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠡᠷᠦᠬᠡ ᠳᠠᠷᠠᠭᠠᠯᠠᠨ ᠬᠠᠷᠭᠤᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠢᠯᠭᠠᠨ ᠲᠠᠨᠢᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠨᠡᠷᠡᠰ ᠢ ᠬᠤᠶᠠᠳᠠᠬᠢ ᠤᠳᠠᠭ᠎ᠠ ᠨᠡᠶᠢᠲᠡ ᠳᠤ ᠵᠠᠷᠯᠠᠨ᠂ ᠨᠡᠶᠢᠲᠡᠯᠡᠯ ᠵᠠᠷᠯᠠᠯ ᠳᠤ ᠣᠨᠳᠣᠣ ᠰᠠᠨᠠᠯ ᠦᠭᠡᠢ ᠪᠣᠯ ᠳᠡᠭᠡᠭᠰᠢ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠲᠤ ᠮᠡᠳᠡᠭᠦᠯᠦᠨ᠎ᠡ᠃ f. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠰᠢᠨ᠎ᠡ ᠪᠠᠷ ᠢᠯᠭᠠᠨ ᠲᠠᠨᠢᠬᠤ ᠶᠠᠳᠠᠭᠤ ᠬᠦᠴᠢᠷᠳᠡᠯᠲᠡᠢ ᠡᠷᠦᠭᠡ ᠶᠢᠨ ᠮᠡᠳᠡᠭᠡ ᠵᠠᠩᠭᠢ ᠶᠢ ᠲᠤᠬᠠᠢ ᠶᠢᠨ ᠭᠠᠵᠠᠷ ᠲᠤ ᠨᠢ ᠰᠤᠭᠤᠴᠢᠨ ᠪᠠᠶᠢᠴᠠᠭᠠᠵᠤ᠂ ᠢᠯᠭᠠᠨ ᠲᠠᠨᠢᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠲᠣᠰᠬᠤᠨ ᠤ ᠢᠯᠡ ᠪᠠᠶᠢᠷᠢᠨ ᠳᠤ ᠵᠠᠷᠯᠠᠨ ᠨᠡᠶᠢᠲᠡᠯᠡᠨ᠎ᠡ᠃ g. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠲᠡᠢ ᠡᠷᠦᠬᠡ ᠳᠤ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠢ ᠲᠣᠭᠲᠠᠭᠠᠨ᠎ᠠ᠃ h. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠵᠤ ᠪᠠᠶᠢᠭᠠᠳ ᠪᠦᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠳᠤ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠣᠷᠣᠭᠤᠯᠤᠨ᠎ᠠ᠃ ︵3︶ ᠶᠠᠳᠠᠭᠤ ᠬᠦᠴᠢᠷᠳᠡᠯᠲᠡᠢ ᠡᠷᠦᠬᠡ ᠶᠢ ᠢᠯᠭᠠᠨ ᠲᠠᠨᠢᠬᠤ ᠱᠠᠭᠠᠷᠳᠠᠯᠭ᠎ᠠ ᠶᠠᠳᠠᠭᠤ ᠬᠦᠴᠢᠷᠳᠡᠯᠲᠡᠢ ᠡᠷᠦᠬᠡ ᠶᠢ ᠰᠢᠨ᠎ᠡ ᠪᠠᠷ ᠢᠯᠭᠠᠨ ᠲᠠᠨᠢᠬᠤ ᠳᠤ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ᠂ ᠨᠢᠭᠡ ᠶᠢ ᠪᠠᠷᠢᠮᠵᠢᠶ᠎ᠠ ᠳᠤ ᠬᠦᠷᠭᠡᠬᠦ︾ ᠢᠯᠭᠠᠨ ᠲᠠᠨᠢᠬᠤ ᠪᠠᠷᠢᠮᠵᠢᠶ᠎ᠠ ᠶᠣᠰᠣᠭᠠᠷ᠂ ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠬᠦ ᠪᠠ ᠡᠷᠦᠬᠡ ᠳᠤ ᠣᠷᠣᠵᠤ ᠪᠠᠶᠢᠴᠠᠭᠠᠯᠲᠠ ᠬᠢᠵᠦ ᠬᠠᠷᠭᠤᠭᠤᠯᠤᠨ ᠨᠤᠲᠠᠯᠠᠬᠤ ᠠᠯᠬᠤᠮ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠰᠢᠨ᠎ᠡ ᠪᠠᠷ ᠣᠷᠣᠭᠤᠯᠤᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠮᠡᠳᠡᠭᠡ ᠵᠠᠩᠭᠢ ᠶᠢ ᠣᠨᠣᠪᠴᠢᠲᠠᠢ ᠡᠵᠡᠮᠳᠡᠵᠦ᠂ ︽ᠣᠷᠣᠭᠤᠯᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠣᠷᠣᠭᠤᠯᠬᠤ︾ ᠶᠢ ᠪᠠᠲᠤᠯᠠᠨ᠎ᠠ᠃ ᠪᠤᠴᠠᠵᠤ ᠶᠠᠳᠠᠭᠤ ᠬᠦᠴᠢᠷᠳᠡᠯᠲᠡᠢ ᠪᠣᠯᠣᠭᠰᠠᠨ ᠬᠥᠮᠥᠨ ᠠᠮᠠ ᠳᠤ ᠰᠢᠨ᠎ᠡ ᠪᠠᠷ ᠢᠯᠭᠠᠨ ᠲᠠᠨᠢᠬᠤ ᠠᠯᠬᠤᠮ ᠳᠠᠷᠠᠭᠠᠯᠠᠯ ᠶᠣᠰᠣᠭᠠᠷ ᠶᠠᠪᠤᠭᠳᠠᠭᠤᠯᠤᠨ᠎ᠠ᠃ 2. ᠶᠠᠳᠠᠭᠤ ᠬᠦᠴᠢᠷᠳᠡᠯᠲᠡᠢ ᠲᠣᠰᠬᠤᠨ ᠢ ᠢᠯᠭᠠᠨ ᠲᠠᠨᠢᠵᠤ ᠣᠷᠣᠭᠤᠯᠬᠤ ︵1︶ ᠶᠠᠳᠠᠭᠤ ᠬᠦᠴᠢᠷᠳᠡᠯᠲᠡᠢ ᠲᠣᠰᠬᠤᠨ ᠢ ᠢᠯᠭᠠᠨ ᠲᠠᠨᠢᠬᠤ ᠪᠠᠷᠢᠮᠵᠢᠶ᠎ᠠ a. ᠶᠠᠳᠠᠭᠤ ᠬᠦᠴᠢᠷᠳᠡᠯᠲᠡᠢ ᠪᠠᠶᠢᠳᠠᠯ ᠡᠭᠦᠰᠦᠭᠰᠡᠨ ᠨᠣᠷᠮ᠎ᠠ ᠨᠢ ᠪᠦᠬᠦ ᠣᠷᠣᠨ ᠤ ᠳᠤᠮᠳᠠᠴᠢ ᠬᠢᠷᠢ ᠲᠦᠪᠰᠢᠨ ᠤ 2 ᠳᠠᠬᠢᠨ ᠠᠴᠠ ᠳᠡᠭᠡᠭᠰᠢ ᠪᠠᠶᠢᠬᠤ ᠬᠡᠷᠡᠭᠲᠡᠢ᠃ b. ᠶᠠᠳᠠᠭᠤ ᠬᠦᠴᠢᠷᠳᠡᠯᠲᠡᠢ ᠲᠣᠰᠬᠤᠨ ᠤ ᠲᠠᠷᠢᠶᠠᠴᠢᠳ ᠤᠨ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠨᠢ ᠪᠠᠶᠢᠭ᠎ᠠ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠮᠥᠷᠲᠡᠭᠡᠨ ᠲᠣᠭᠲᠠᠪᠤᠷᠢᠲᠠᠢ ᠣᠷᠣᠯᠭ᠎ᠠ ᠶᠢᠨ ᠢᠷᠡᠯᠲᠡ ᠪᠠᠶᠢᠬᠤ ᠦᠭᠡᠢ ᠶᠠᠳᠠᠭᠤ ᠬᠦᠴᠢᠷᠳᠡᠯᠲᠡᠢ ᠡᠷᠦᠭᠡ ᠶᠢᠨ ᠲᠤᠭ᠎ᠠ ᠨᠢ 30 ᠡᠷᠦᠬᠡ ᠠᠴᠠ ᠳᠡᠭᠡᠭᠰᠢ ᠪᠠᠶᠢᠬᠤ ᠬᠡᠷᠡᠭᠲᠡᠢ᠃ c. ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠨᠢ ᠢᠯᠡᠳᠲᠡ ᠬᠤᠴᠣᠷᠤᠩᠭᠤᠢ᠂ ᠰᠠᠭᠤᠷᠢ ᠪᠡᠯᠡᠳᠬᠡᠮᠵᠢ ᠶᠢ ᠥᠭᠡᠷᠡᠴᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠦᠭᠡ ᠦᠭᠡᠢ᠃ d. ᠲᠣᠰᠬᠤᠨ ᠳᠤ ᠲᠣᠰᠬᠤᠨ ᠤ ᠨᠡᠶᠢᠲᠡ ᠶᠢᠨ ᠠᠵᠤ ᠠᠬᠤᠢ ᠪᠠᠶᠢᠬᠤ ᠦᠭᠡᠢ᠃ ︵2︶ ᠶᠠᠳᠠᠭᠤ ᠬᠦᠴᠢᠷᠳᠡᠯᠲᠡᠢ ᠲᠣᠰᠬᠤᠨ ᠢ ᠢᠯᠭᠠᠨ ᠲᠠᠨᠢᠬᠤ ᠠᠯᠬᠤᠮ ᠳᠠᠷᠠᠭᠠᠯᠠᠯ a. ᠲᠣᠰᠬᠤᠨ ᠤ ︽ᠬᠤᠶᠠᠷ ᠵᠥᠪᠯᠡᠯ︾ ᠠᠴᠠ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠪᠢᠴᠢᠭ ᠤᠨ ᠬᠡᠯᠪᠡᠷᠢ ᠪᠠᠷ ᠪᠠᠶᠢᠭ᠎ᠠ ᠰᠢᠶᠠᠩ ᠪᠠᠯᠭᠠᠰᠤ ᠳᠤ ᠪᠠᠨ ᠭᠤᠶᠤᠴᠢᠯᠠᠯ ᠳᠡᠪᠰᠢᠭᠦᠯᠦᠨ᠎ᠡ᠃ b. ᠰᠢᠶᠠᠩ ᠪᠠᠯᠭᠠᠰᠤ ᠠᠴᠠ ᠭᠤᠶᠤᠴᠢᠯᠠᠯ ᠳᠡᠪᠰᠢᠭᠦᠯᠦᠭᠰᠡᠨ ᠲᠣᠰᠬᠤᠨ ᠳᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠠᠩᠬᠠᠨ ᠤ ᠰᠣᠩᠭᠤᠭᠤᠯᠢ ᠶᠢᠨ ᠨᠡᠷᠡᠰ ᠢ ᠲᠣᠭᠲᠠᠭᠠᠨ᠎ᠠ᠃ c. ᠰᠢᠶᠠᠩ ᠪᠠᠯᠭᠠᠰᠤ ᠠᠴᠠ ᠪᠠᠶᠢᠭ᠎ᠠ ᠭᠠᠵᠠᠷ ᠤᠨ ᠠᠩᠬᠠᠨ ᠤ ᠰᠣᠩᠭᠤᠭᠤᠯᠢ ᠶᠢᠨ ᠨᠡᠷᠡᠰ ᠢ ᠨᠡᠶᠢᠲᠡ ᠳᠤ ᠵᠠᠷᠯᠠᠬᠤ ᠶᠢᠨ ᠬᠠᠮᠲᠤ ᠳᠡᠭᠡᠭᠰᠢ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠵᠦ᠂ ᠨᠡᠶᠢᠲᠡ ᠳᠤ ᠵᠠᠷᠯᠠᠬᠤ ᠬᠤᠭᠤᠴᠠᠭ᠎ᠠ ᠨᠢ ᠠᠳᠠᠭ ᠲᠤ ᠪᠠᠨ 7 ᠡᠳᠦᠷ ᠪᠠᠶᠢᠬᠤ ᠬᠡᠷᠡᠭᠲᠡᠢ᠃ d. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠲᠡᠢ ᠲᠣᠰᠬᠤᠨ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠭᠤᠣᠯ ᠪᠣᠯᠬᠤ ᠵᠠᠭᠤᠴᠢᠯᠠᠭᠤᠷ ᠳᠡᠭᠡᠷ᠎ᠡ ᠵᠠᠷᠯᠠᠨ ᠨᠡᠶᠢᠲᠡᠯᠡᠬᠦ ᠶᠢᠨ ᠬᠠᠮᠲᠤ᠂ ᠱᠠᠲᠤ ᠳᠠᠷᠠᠭᠠᠯᠠᠨ ᠳᠡᠭᠡᠭᠰᠢ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃ e. ᠬᠤᠰᠢᠭᠤ ᠰᠢᠶᠠᠨ ᠲᠣᠭᠤᠷᠢᠭ ︵ᠨᠡᠭᠡᠭᠡᠨ ᠬᠥᠭᠵᠢᠭᠦᠯᠬᠦ ᠣᠷᠣᠨ︶ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠰᠢᠨ᠎ᠡ ᠪᠠᠷ ᠢᠯᠭᠠᠨ ᠲᠠᠨᠢᠭᠰᠠᠨ ᠶᠠᠳᠠᠭᠤ ᠬᠦᠴᠢᠷᠳᠡᠯᠲᠡᠢ ᠲᠣᠰᠬᠤᠨ ᠤ ᠮᠡᠳᠡᠭᠡ ᠵᠠᠩᠭᠢ ᠶᠢ ᠣᠷᠣᠭᠤᠯᠬᠤ ᠶᠢ ᠵᠣᠬᠢᠶᠠᠨ ᠪᠠᠶᠢᠭᠤᠯᠤᠨ᠎ᠠ᠃ ︵3︶ ᠶᠠᠳᠠᠭᠤ ᠬᠦᠴᠢᠷᠳᠡᠯᠲᠡᠢ ᠲᠣᠰᠬᠤᠨ ᠢ ᠢᠯᠭᠠᠨ ᠲᠠᠨᠢᠬᠤ ᠱᠠᠭᠠᠷᠳᠠᠯᠭ᠎ᠠ 2018 ᠣᠨ ᠤ ᠶᠠᠳᠠᠭᠤ ᠶᠢ ᠲᠡᠳᠬᠦᠬᠦ ᠡᠲᠡᠭᠡᠳ ᠢ ᠬᠥᠳᠡᠯᠦᠩᠭᠦᠢ ᠪᠠᠷ ᠬᠠᠮᠢᠶᠠᠷᠬᠤ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠶᠠᠳᠠᠭᠤ ᠬᠦᠴᠢᠷᠳᠡᠯᠲᠡᠢ ᠪᠠᠶᠢᠳᠠᠯ ᠡᠭᠦᠰᠦᠭᠰᠡᠨ ᠨᠣᠷᠮ᠎ᠠ ᠨᠢ ᠥᠨᠳᠥᠷ᠂ ᠶᠠᠳᠠᠭᠤ ᠬᠦᠴᠢᠷᠳᠡᠯᠲᠡᠢ ᠬᠥᠮᠥᠨ ᠠᠮᠠ ᠨᠢ ᠣᠯᠠᠨ ᠲᠣᠰᠬᠤᠨ ᠢ ᠶᠠᠳᠠᠭᠤ ᠬᠦᠴᠢᠷᠳᠡᠯᠲᠡᠢ ᠲᠣᠰᠬᠤᠨ ᠢᠶᠠᠷ ᠢᠯᠭᠠᠨ ᠲᠠᠨᠢᠬᠤ ᠬᠡᠷᠡᠭᠲᠡᠢ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号