| ᠠᠰᠠᠭᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠶᠠᠳᠠᠭᠤ ᠶᠢ | ᠲᠡᠳᠬᠦᠬᠦ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠲᠥᠰᠥᠯ︾ ᠤᠨ ᠱᠠᠭᠠᠷᠳᠠᠯᠭ᠎ᠠ | ᠶᠣᠰᠣᠭᠠᠷ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ᠂ ᠣᠷᠣᠨ | ᠨᠤᠲᠤᠭ ᠤᠨ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠵᠦ ᠡᠵᠡᠮᠳᠡᠬᠦ ᠭᠤᠷᠪᠠᠨ ᠵᠢᠯ ᠤᠨ ᠰᠢᠪᠲᠤᠯᠤᠯᠲᠠ ᠶᠢᠨ | ᠠᠵᠢᠯᠯᠠᠭ᠎ᠠ ᠶᠢ ᠬᠡᠷᠬᠢᠨ ᠬᠡᠷᠡᠭᠵᠢᠭᠦᠯᠬᠦ ᠪᠣᠢ︖ ᠬᠠᠷᠢᠭᠤᠯᠲᠠ᠄ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ | ᠠᠵᠢᠯ ᠢ ᠰᠠᠶᠢᠲᠤᠷ ᠬᠢᠨ᠎ᠡ᠃ ᠰᠦᠷᠢᠶ᠎ᠡ ᠡᠪᠡᠳᠴᠢᠨ ᠢ ᠰᠢᠭᠰᠢᠨ ᠪᠠᠶᠢᠴᠠᠭᠠᠬᠤ ᠠᠵᠢᠯ ᠢ ᠴᠢᠩᠭᠠᠳᠬᠠᠨ᠂ | ᠠᠭᠤᠰᠬᠢᠨ ᠤ ᠰᠦᠷᠢᠶ᠎ᠡ ᠡᠪᠡᠳᠴᠢᠲᠡᠨ ᠢ ᠢᠯᠡᠷᠡᠭᠦᠯᠬᠦ ᠪᠠ ᠡᠮᠨᠡᠬᠦ ᠡᠷᠴᠢᠮ ᠢ ᠴᠢᠩᠭᠠᠷᠠᠭᠤᠯᠵᠤ᠂ ᠰᠦᠷᠢᠶ᠎ᠡ | ᠡᠪᠡᠳᠴᠢᠲᠡᠨ ᠢ ᠲᠣᠳᠣᠯᠠᠨ ᠪᠠᠶᠢᠴᠠᠭᠠᠬᠤ ᠳᠤ ᠵᠣᠬᠢᠬᠤ ᠬᠡᠮᠵᠢᠶᠡᠨ ᠤ ᠨᠥᠬᠦᠪᠦᠷᠢ ᠬᠠᠩᠭᠠᠨ᠎ᠠ᠃ ᠶᠠᠳᠠᠭᠤ | ᠬᠦᠴᠢᠷᠳᠡᠯᠲᠡᠢ ᠡᠪᠡᠳᠴᠢᠲᠡᠨ ᠳᠤ ᠨᠢᠭᠡᠳᠦᠭᠡᠷ ᠹᠷᠣᠨᠲ ᠤᠨ ᠰᠦᠷᠢᠶ᠎ᠡ ᠶᠢ ᠡᠰᠡᠷᠭᠦᠴᠡᠬᠦ ᠡᠮ ᠤᠨ ᠵᠦᠢᠯᠡᠰ ᠢ | ᠲᠥᠯᠥᠪᠦᠷᠢ ᠦᠭᠡᠢ ᠪᠠᠷ ᠬᠠᠩᠭᠠᠨ᠎ᠠ᠃ ᠣᠯᠠᠨ ᠵᠦᠢᠯ ᠤᠨ ᠡᠮ ᠳᠤ ᠳᠠᠭᠠᠭᠠᠴᠠᠲᠠᠢ ᠰᠦᠷᠢᠶ᠎ᠡ ᠡᠪᠡᠳᠴᠢᠨ ᠢ ᠶᠠᠳᠠᠭᠤ | ᠬᠦᠴᠢᠷᠳᠡᠯᠲᠡᠢ ᠬᠥᠮᠥᠨ ᠠᠮᠠ ᠶᠢᠨ ᠬᠦᠨᠳᠦ ᠡᠪᠡᠳᠴᠢᠨ ᠤ ᠲᠤᠰᠬᠠᠢ ᠵᠦᠢᠯ ᠤᠨ ᠡᠮᠨᠡᠨ ᠠᠪᠤᠷᠠᠬᠤ ᠬᠡᠪᠴᠢᠶᠡᠨ ᠳᠤ | ᠣᠷᠣᠭᠤᠯᠤᠨ᠎ᠠ᠃ ᠶᠠᠳᠠᠭᠤ ᠬᠦᠴᠢᠷᠳᠡᠯᠲᠡᠢ ᠰᠦᠷᠢᠶ᠎ᠡ ᠡᠪᠡᠳᠴᠢᠲᠡᠨ ᠳᠤ ᠤᠷᠢᠳ ᠢᠶᠠᠷ ᠬᠠᠨᠳᠤᠭᠤᠯᠤᠭᠰᠠᠨ ︽ | ᠲᠥᠪᠯᠡᠷᠡᠭᠦᠯᠦᠨ ᠡᠮ ᠤᠤᠭᠤᠬᠤ︾ ᠲᠥᠷᠥᠯ ᠵᠦᠢᠯ ᠢ ᠬᠡᠷᠡᠭᠵᠢᠭᠦᠯᠵᠦ᠂ ᠡᠮ ᠤᠤᠭᠤᠬᠤ ᠶᠢᠨ ᠠᠶᠠᠳᠠᠨ ᠳᠠᠭᠠᠬᠤ | ᠴᠢᠨᠠᠷ ᠪᠠ ᠡᠮᠨᠡᠨ ᠵᠠᠰᠠᠬᠤ ᠶᠢᠨ ᠦᠷ᠎ᠡ ᠪᠦᠲᠦᠮᠵᠢ ᠣᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠰᠦᠷᠢᠶ᠎ᠡ | ᠡᠪᠡᠳᠴᠢᠨ ᠤ ︽ᠰᠡᠷᠭᠡᠶᠢᠯᠡᠬᠦ᠂ ᠵᠠᠰᠠᠬᠤ᠂ ᠬᠠᠮᠢᠶᠠᠷᠬᠤ︾ ᠭᠤᠷᠪᠠ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠨ | ᠰᠡᠷᠭᠡᠶᠢᠯᠡᠵᠦ ᠵᠠᠰᠠᠬᠤ ᠦᠢᠯᠡᠴᠢᠯᠡᠭᠡ ᠶᠢᠨ ᠵᠠᠭᠪᠤᠷ ᠢ ᠨᠠᠶᠢᠳᠠᠪᠤᠷᠢᠵᠢᠭᠤᠯᠤᠨ᠎ᠠ᠃ ᠠᠶᠢᠽ ᠡᠪᠡᠳᠴᠢᠨ ᠢ ᠰᠡᠷᠭᠡᠶᠢᠯᠡᠨ | ᠵᠠᠰᠠᠬᠤ ᠠᠵᠢᠯ ᠢ ᠰᠠᠶᠢᠲᠤᠷ ᠬᠢᠨ᠎ᠡ᠃ ᠠᠶᠢᠽ ᠡᠪᠡᠳᠴᠢᠨ ᠢ ᠲᠥᠯᠥᠪᠦᠷᠢ ᠦᠭᠡᠢ ᠪᠠᠷ ᠰᠢᠭᠰᠢᠨ ᠪᠠᠶᠢᠴᠠᠭᠠᠬᠤ᠂ | ᠡᠮᠨᠡᠨ ᠵᠠᠰᠠᠬᠤ᠂ ᠡᠬᠡ ᠨᠢᠯᠬᠠᠰ ᠢ ᠲᠠᠰᠤ ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠲᠣᠬᠢᠶᠠᠯ ᠤᠨ ᠴᠢᠨᠠᠷᠲᠠᠢ ᠬᠠᠯᠳᠠᠪᠤᠷᠢᠯᠠᠯ ᠢ ᠲᠥᠪᠯᠡᠷᠡᠭᠦᠯᠵᠦ ᠡᠮᠨᠡᠨ ᠠᠪᠤᠷᠠᠨ᠎ᠠ᠃ ᠶᠠᠳᠠᠭᠤ ᠬᠦᠴᠢᠷᠳᠡᠯᠲᠡᠢ ᠠᠶᠢᠽ | ᠡᠪᠡᠳᠴᠢᠨ ᠳᠤ ᠬᠠᠯᠳᠠᠪᠤᠷᠢᠯᠠᠭᠳᠠᠭᠰᠠᠳ ᠲᠤ ᠴᠢᠭᠯᠡᠭᠦᠯᠦᠨ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ | ᠦᠢᠯᠡᠴᠢᠯᠡᠭᠡ ᠪᠠᠷ ᠳᠠᠮᠵᠢᠭᠤᠯᠤᠨ ᠸᠢᠷᠦ᠋ᠰ ᠢ ᠡᠰᠡᠷᠭᠦᠴᠡᠬᠦ ᠡᠮᠨᠡᠨ ᠵᠠᠰᠠᠵᠤ ᠳᠠᠭᠠᠯᠳᠤᠨ ᠰᠤᠷᠪᠤᠯᠵᠢᠯᠠᠬᠤ | ᠵᠢᠷᠤᠮᠵᠢᠭᠤᠯᠤᠯᠲᠠ ᠶᠢᠨ ᠬᠠᠮᠢᠶᠠᠷᠤᠯᠲᠠ ᠶᠢ ᠬᠠᠩᠭᠠᠵᠤ᠂ ᠠᠶᠢᠽ ᠡᠪᠡᠳᠴᠢᠨ ᠳᠤ ᠬᠠᠯᠳᠠᠪᠤᠷᠢᠯᠠᠭᠳᠠᠭᠰᠠᠳ ᠤᠨ | ᠴᠠᠭ ᠲᠤ ᠪᠠᠨ ᠡᠮ ᠤᠤᠭᠤᠬᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠨᠵᠢᠬᠦ ᠶᠢ ᠠᠬᠢᠭᠤᠯᠤᠨ᠎ᠠ᠃ | ᠠᠶᠢᠽ ᠡᠪᠡᠳᠴᠢᠨ ᠤ ᠸᠢᠷᠦ᠋ᠰ ᠢ ᠡᠰᠡᠷᠭᠦᠴᠡᠨ ᠡᠮᠨᠡᠨ ᠵᠠᠰᠠᠬᠤ ᠬᠠᠮᠢᠶᠠᠷᠤᠯᠲᠠ ᠶᠢᠨ ︽ᠨᠢᠭᠡ ᠥᠷᠲᠡᠭᠡ ᠮᠠᠶ᠋ᠢᠭ︾ | ᠤᠨ ᠦᠢᠯᠡᠴᠢᠯᠡᠭᠡ ᠶᠢ ᠠᠬᠢᠭᠤᠯᠵᠤ᠂ ᠠᠶᠢᠽ ᠡᠪᠡᠳᠴᠢᠨ ᠳᠤ ᠬᠠᠯᠳᠠᠪᠤᠷᠢᠯᠠᠭᠳᠠᠭᠰᠠᠳ ᠪᠠ ᠡᠪᠡᠳᠴᠢᠲᠡᠳ ᠤᠨ | ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠳᠤ ᠣᠴᠢᠵᠤ ᠠᠰᠠᠭᠤᠨ ᠯᠠᠪᠠᠯᠬᠤ᠂ ᠪᠠᠶᠢᠴᠠᠭᠠᠨ ᠰᠢᠨᠵᠢᠬᠦ᠂ ᠡᠮᠨᠡᠨ | ᠵᠠᠰᠠᠬᠤ ᠵᠡᠷᠭᠡ ᠬᠠᠮᠢᠶ᠎ᠠ ᠪᠦᠬᠦᠢ ᠦᠢᠯᠡᠴᠢᠯᠡᠭᠡ ᠬᠦᠷᠲᠡᠵᠦ ᠴᠢᠳᠠᠬᠤ ᠶᠢ ᠪᠠᠲᠤᠯᠠᠨ᠎ᠠ᠃ ᠪᠷᠦ᠋ᠼᠧᠯ ᠤᠨ ᠰᠠᠪᠬᠠᠨᠴᠢᠷ | ᠪᠠᠺᠲ᠋ᠧᠷᠢ ᠡᠪᠡᠳᠴᠢᠨ᠂ ᠪᠠᠭᠯᠠᠭᠴᠢᠲᠤ ᠬᠤᠷᠣᠬᠠᠢ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃ | ᠪᠷᠦ᠋ᠼᠧᠯ ᠤᠨ ᠰᠠᠪᠬᠠᠨᠴᠢᠷ ᠪᠠᠺᠲ᠋ᠧᠷᠢ ᠡᠪᠡᠳᠴᠢᠲᠡᠨ ᠢ ᠰᠢᠭᠰᠢᠨ ᠪᠠᠶᠢᠴᠠᠭᠠᠬᠤ ᠶᠢ ᠴᠢᠩᠭᠠᠳᠬᠠᠨ᠂ ᠪᠷᠦ᠋ᠼᠧᠯ ᠤᠨ | ᠰᠠᠪᠬᠠᠨᠴᠢᠷ ᠪᠠᠺᠲ᠋ᠧᠷᠢ ᠡᠪᠡᠳᠴᠢᠨ ᠵᠡᠷᠭᠡ ᠲᠤᠰᠬᠠᠢ ᠵᠦᠢᠯ ᠤᠨ ᠡᠪᠡᠳᠴᠢᠨ ᠤ ᠬᠠᠮᠢᠶᠠᠷᠤᠯᠲᠠ ᠶᠢ ᠠᠬᠢᠭᠤᠯᠵᠤ᠂ | ᠪᠷᠦ᠋ᠼᠧᠯ ᠤᠨ ᠰᠠᠪᠬᠠᠨᠴᠢᠷ ᠪᠠᠺᠲ᠋ᠧᠷᠢ ᠡᠪᠡᠳᠴᠢᠨ ᠢ ᠪᠦᠬᠦᠯᠢ ᠴᠣᠭᠴᠠ ᠪᠠᠷ ᠨᠢ ᠵᠠᠰᠠᠨ ᠡᠳᠡᠭᠡᠷᠡᠭᠦᠯᠬᠦ ᠨᠣᠷᠮ᠎ᠠ ᠶᠢ | ᠳᠡᠭᠡᠭᠰᠢᠯᠡᠭᠦᠯᠦᠨ᠂ ᠤᠵᠢᠭ ᠡᠪᠡᠳᠴᠢᠨ ᠪᠣᠯᠬᠤ ᠨᠣᠷᠮ᠎ᠠ ᠶᠢ ᠪᠠᠭᠤᠷᠠᠭᠤᠯᠵᠤ᠂ ᠡᠮᠴᠢᠯᠡᠨ ᠵᠠᠰᠠᠬᠤ᠂ ᠤᠬᠠᠭᠤᠯᠭ᠎ᠠ | ᠬᠢᠬᠦ ᠪᠠ ᠠᠵᠢᠯᠯᠠᠭ᠎ᠠ ᠶᠢᠨ ᠡᠵᠡᠮᠳᠡᠯ ᠢ ᠴᠢᠩᠭᠠᠳᠬᠠᠨ᠎ᠠ︔ ᠪᠠᠭᠯᠠᠭᠴᠢᠲᠤ ᠬᠤᠷᠣᠬᠠᠢ ᠡᠪᠡᠳᠴᠢᠨ ᠤ ᠲᠠᠷᠬᠠᠭᠰᠠᠨ | ᠣᠷᠣᠨ ᠢ ᠵᠢᠯᠣᠭᠤᠳᠴᠤ ᠪᠠᠶᠢᠭᠠᠳ ᠪᠠᠭᠯᠠᠭᠴᠢᠲᠤ ᠬᠤᠷᠣᠬᠠᠢ ᠡᠪᠡᠳᠴᠢᠲᠡᠳ ᠢ ᠰᠢᠭᠰᠢᠨ ᠪᠠᠶᠢᠴᠠᠭᠠᠨ᠎ᠠ᠃ | ᠲᠣᠳᠣᠯᠠᠭᠰᠠᠨ ᠡᠪᠡᠳᠴᠢᠲᠡᠳ ᠢ ᠡᠮᠴᠢᠯᠡᠨ ᠵᠠᠰᠠᠨ᠎ᠠ᠃ ᠬᠢᠨᠠᠨ ᠰᠢᠨᠵᠢᠬᠦ ᠵᠢᠴᠢ ᠡᠷᠡᠭᠦᠯ ᠮᠡᠨᠳᠦ ᠶᠢᠨ ᠬᠥᠮᠥᠵᠢᠯ ᠢ | ᠥᠷᠨᠢᠭᠦᠯᠦᠨ᠎ᠡ᠃ ᠹᠯᠣᠷᠲᠤ ᠶᠠᠰᠤᠨ ᠡᠪᠡᠳᠴᠢᠨ ᠵᠡᠷᠭᠡ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ | ᠠᠵᠢᠯ ᠢ ᠰᠠᠶᠢᠲᠤᠷ ᠬᠢᠨ᠎ᠡ᠃ ᠬᠢᠨᠠᠨ ᠰᠢᠨᠵᠢᠬᠦ ᠪᠠ ᠦᠨᠡᠯᠡᠯᠲᠡ ᠬᠢᠬᠦ ᠶᠢ ᠴᠢᠩᠭᠠᠳᠬᠠᠨ᠂ ᠨᠡᠭᠦᠳᠡᠯᠴᠢᠨ ᠠᠷᠠᠳ ᠢ | ᠨᠡᠭᠦᠯᠭᠡᠨ ᠰᠢᠯᠵᠢᠭᠦᠯᠬᠦ᠂ ᠤᠰᠤ ᠶᠢ ᠬᠤᠪᠢᠷᠠᠭᠤᠯᠤᠨ ᠹᠯᠣᠷ ᠢ ᠨᠢ ᠠᠷᠢᠯᠭᠠᠬᠤ᠂ ᠳᠣᠣᠷ᠎ᠠ ᠹᠯᠣᠷᠲᠤ ᠬᠡᠪ ᠤᠨ ᠴᠠᠢ | ᠬᠠᠩᠭᠠᠬᠤ᠂ ᠡᠷᠡᠭᠦᠯ ᠮᠡᠨᠳᠦ ᠶᠢᠨ ᠬᠥᠮᠥᠵᠢᠯ ᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠶᠢ ᠦᠷᠭᠦᠯᠵᠢᠯᠡᠨ | ᠴᠢᠩᠭᠠᠳᠬᠠᠵᠤ᠂ ᠤᠤᠭᠤᠬᠤ ᠤᠰᠤᠨ ᠤ ᠮᠠᠶ᠋ᠢᠭ᠂ ᠴᠠᠢ ᠤᠤᠭᠤᠬᠤ ᠮᠠᠶ᠋ᠢᠭ ᠤᠨ ᠣᠷᠣᠨ ᠨᠤᠲᠤᠭ ᠤᠨ ᠴᠢᠨᠠᠷᠲᠠᠢ | ᠹᠯᠣᠷ ᠲᠤ ᠬᠤᠣᠷᠳᠠᠭᠳᠠᠬᠤ ᠠᠶᠤᠯ ᠲᠦᠭᠰᠢᠭᠦᠷᠢ ᠶᠢ ᠪᠦᠲᠦᠮᠵᠢᠲᠡᠢ ᠡᠵᠡᠮᠳᠡᠵᠦ᠂ ︽13 · 5︾ ᠶᠢᠨ | ᠲᠥᠯᠥᠪᠵᠢᠭᠦᠯᠭᠡ ᠶᠢᠨ ᠰᠡᠭᠦᠯᠴᠢ ᠪᠣᠯᠬᠤ ᠳᠤ᠂ ᠤᠤᠭᠤᠬᠤ ᠤᠰᠤᠨ ᠤ ᠹᠯᠣᠷ ᠤᠨ ᠠᠭᠤᠯᠤᠭᠳᠠᠴᠠ ᠶᠢ ᠤᠯᠤᠰ ᠤᠨ | ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠬᠦᠷᠭᠡᠵᠦ᠂ ᠡᠪᠡᠳᠴᠢᠨ ᠡᠭᠦᠰᠦᠭᠰᠡᠨ ᠣᠷᠣᠨ ᠤ 70% ᠠᠴᠠ ᠳᠡᠭᠡᠭᠰᠢᠬᠢ | ᠬᠤᠰᠢᠭᠤ ᠰᠢᠶᠠᠨ ᠤ ᠤᠰᠤ ᠤᠤᠭᠤᠬᠤ ᠮᠠᠶ᠋ᠢᠭ ᠤᠨ ᠹᠯᠣᠷ ᠲᠤ ᠬᠤᠣᠷᠳᠠᠭᠳᠠᠬᠤ ᠶᠢ ᠬᠢᠵᠠᠭᠠᠷᠯᠠᠵᠤ ᠪᠣᠯᠬᠤ ᠬᠢᠷᠢ | ᠲᠦᠪᠰᠢᠨ ᠳᠤ ᠬᠦᠷᠭᠡᠵᠦ᠂ ᠣᠯᠠᠨ ᠬᠥᠮᠥᠨ ᠤ ᠬᠡᠪ ᠤᠨ ᠴᠠᠢ ᠶᠢᠨ ᠹᠯᠣᠷ ᠤᠨ ᠣᠷᠣᠬᠤ ᠬᠢᠷᠢ ᠲᠦᠪᠰᠢᠨ ᠢ | ᠪᠦᠲᠦᠮᠵᠢᠲᠡᠢ ᠪᠠᠷ ᠪᠠᠭᠤᠷᠠᠭᠤᠯᠤᠨ᠎ᠠ᠃ ᠳᠠᠩᠰᠠ ᠪᠠ ᠺᠠᠷᠲ ᠲᠠᠢ ᠨᠥᠬᠦᠴᠡᠯ ᠳᠤ ᠨᠡᠶᠢᠴᠡᠭᠰᠡᠨ ᠣᠷᠣᠨ ᠨᠤᠲᠤᠭ ᠤᠨ | ᠡᠪᠡᠳᠴᠢᠨ ᠳᠤ ᠨᠡᠷᠪᠡᠭᠳᠡᠭᠰᠡᠳ ᠢ ᠪᠦᠬᠦᠨ ᠢ ᠬᠦᠨᠳᠦ ᠡᠪᠡᠳᠴᠢᠨ ᠤ ᠲᠥᠪᠯᠡᠷᠡᠭᠦᠯᠵᠦ ᠡᠮᠨᠡᠨ ᠠᠪᠤᠷᠠᠬᠤ | ᠬᠡᠪᠴᠢᠶᠡᠨ ᠳᠤ ᠣᠷᠣᠭᠤᠯᠵᠤ᠂ ᠣᠷᠣᠨ ᠨᠤᠲᠤᠭ ᠤᠨ ᠡᠪᠡᠳᠴᠢᠨ ᠡᠭᠦᠰᠦᠭᠰᠡᠨ ᠭᠠᠵᠠᠷ ᠣᠷᠣᠨ ᠳᠤ ᠹᠯᠣᠷᠲᠤ | ᠶᠠᠰᠤᠨ ᠡᠪᠡᠳᠴᠢᠨ᠂ ᠺᠧᠱᠠᠨ ᠡᠪᠡᠳᠴᠢᠨ᠂ ᠦᠶ᠎ᠡ ᠭᠡᠰᠢᠭᠦᠦ ᠲᠣᠮᠣᠷᠠᠬᠤ ᠡᠪᠡᠳᠴᠢᠨ᠂ ᠣᠷᠣᠨ ᠨᠤᠲᠤᠭ ᠤᠨ | ᠴᠢᠨᠠᠷᠲᠠᠢ ᠠᠷᠰᠧᠨ ᠤ ᠬᠤᠣᠷᠳᠠᠯ᠂ ᠺᠠᠷᠧᠲ᠋ᠢᠨ ᠡᠪᠡᠳᠴᠢᠨ᠂ ᠬᠤᠶᠠᠳᠤᠭᠠᠷ ᠳᠡᠰ ᠵᠢᠴᠢ ᠳᠡᠭᠡᠭᠰᠢᠬᠢ ᠪᠠᠮᠪᠠᠢ | ᠪᠤᠯᠴᠢᠷᠬᠠᠢ ᠶᠢᠨ ᠬᠠᠪᠤᠳᠤᠨ ᠲᠣᠮᠣᠷᠠᠬᠤ ᠡᠪᠡᠳᠴᠢᠨ ᠢᠶᠠᠷ ᠲᠣᠳᠣᠯᠠᠭᠰᠠᠨ ᠡᠪᠡᠳᠴᠢᠲᠡᠨ ᠤ ᠡᠷᠡᠭᠦᠯ ᠮᠡᠨᠳᠦ ᠶᠢᠨ | ᠳᠠᠩᠰᠠ ᠡᠪᠬᠡᠮᠡᠯ ᠢ ᠪᠠᠶᠢᠭᠤᠯᠵᠤ᠂ ᠣᠨᠴᠠᠭᠠᠢ ᠬᠡᠷᠡᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ |