ᠲᠠᠶᠢᠹᠣᠰᠧ ᠬᠤᠰᠢᠭᠤᠨ ᠤ ᠬᠠᠭᠠᠨ ᠤ ᠠᠳᠤᠭᠤᠨ ᠵᠤᠰᠠᠭᠠᠯ ᠤᠨ ᠵᠢᠭᠤᠯᠴᠢᠯᠠᠯ ᠤᠨ ᠤᠷᠤᠨ
ᠨᠡᠶᠢᠲᠡᠯᠡᠭᠰᠡᠨ ᠴᠠᠭ᠄
2020/6/3
   
     ᠲᠠᠶᠢᠹᠣᠰᠧ ᠬᠤᠰᠢᠭᠤᠨ ᠳᠤ ᠪᠠᠶᠢᠷᠢᠯᠠᠭ᠎ᠠ ᠬᠠᠭᠠᠨ ᠤ ᠠᠳᠤᠭᠤᠨ ᠵᠤᠰᠠᠭᠠᠯ ᠤᠨ ᠵᠢᠭᠤᠯᠴᠢᠯᠠᠯ ᠤᠨ ᠤᠷᠤᠨ ᠪᠤᠯ ᠤᠯᠤᠰ ᠤᠨ 4A ᠳᠡᠰ ᠤᠨ ᠵᠢᠭᠤᠯᠴᠢᠯᠠᠯ ᠤᠨ ᠤᠷᠤᠨ ᠪᠠᠶᠢᠵᠦ᠂ ᠠᠳᠤᠭᠤᠨ ᠰᠤᠶᠤᠯ ᠤᠨ ᠦᠪᠡᠷᠮᠢᠴᠡ ᠤᠨᠴᠠᠯᠢᠭᠲᠦ ᠤᠯᠠᠨ ᠰᠠᠶᠢᠬᠠᠨ ᠵᠢᠭᠤᠯᠴᠢᠯᠠᠯ ᠤᠨ ᠲᠦᠷᠦᠯ ᠵᠦᠢᠯ ᠢᠶᠠᠷ ᠢᠶᠠᠨ ᠤᠯᠤᠰ ᠤᠨ ᠳᠤᠳᠤᠭᠠᠳᠤ ᠭᠠᠳᠠᠭᠠᠳᠤ ᠶᠢᠨ ᠵᠢᠭᠤᠯᠴᠢᠯᠠᠭᠴᠢᠳ ᠤᠨ ᠠᠩᠬᠠᠷᠤᠯ ᠢ ᠳᠠᠳᠠᠵᠦ ᠪᠠᠶᠢᠳᠠᠭ᠃ ᠲᠠᠶᠢᠹᠣᠰᠧ ᠬᠤᠰᠢᠭᠤᠨ ᠤ ᠬᠠᠭᠠᠨ ᠤ ᠠᠳᠤᠭᠤᠨ ᠵᠤᠰᠠᠭᠠᠯ ᠤᠨ ᠵᠢᠭᠤᠯᠴᠢᠯᠠᠯ ᠤᠨ ᠤᠷᠤᠨ ᠤ ᠡᠵᠡᠯᠡᠬᠦ ᠲᠠᠯᠠᠪᠠᠢ ᠨᠢ 3 ᠲᠦᠮᠡᠨ ᠮᠤ᠋ ᠤᠷᠴᠢᠮ ᠪᠠᠶᠢᠵᠦ᠂ ᠠᠬᠠᠯ ᠬᠦᠯᠦᠭ᠂ ᠠᠷᠠᠪ ᠬᠦᠯᠦᠭ᠂ ᠤᠷᠤᠰ ᠬᠦᠯᠦᠭ ᠵᠡᠷᠭᠡ ᠭᠠᠳᠠᠭᠠᠳᠤ ᠤᠯᠤᠰ ᠤᠨ 24 ᠵᠦᠢᠯ ᠤᠨ ᠨᠡᠷᠡᠲᠦ ᠡᠭᠦᠯᠳᠡᠷ ᠤᠨ 350 ᠭᠠᠷᠤᠢ ᠠᠭᠳᠠ ᠬᠦᠯᠦᠭ ᠪᠠᠶᠢᠳᠠᠭ᠃ ᠵᠢᠭᠤᠯᠴᠢᠯᠠᠯ ᠤᠨ ᠤᠷᠤᠨ ᠳᠤ᠂ ᠠᠭᠳᠠ ᠮᠤᠷᠢᠨ ᠤ ᠫᠧᠩ ᠰᠠᠷᠠᠪᠴᠢ 203 ᠪᠠᠶᠢᠵᠦ᠂ ᠫᠧᠩ ᠰᠠᠷᠠᠪᠴᠢ ᠶᠢᠨ ᠳᠤᠳᠤᠭᠠᠳᠤ ᠳᠤ ᠪᠠᠨ ᠳᠤᠯᠠᠭᠠᠯᠠᠮᠵᠢ᠂ ᠰᠠᠯᠬᠢ ᠨᠡᠪᠲᠡᠷᠡᠬᠦᠯᠬᠦ᠂ ᠮᠤᠷᠢ ᠤᠰᠤᠯᠠᠬᠤ ᠤᠩᠭᠤᠴᠠ ᠵᠡᠷᠭᠡ ᠲᠦᠭᠦᠭᠡᠷᠦᠮᠵᠢ ᠪᠦᠷᠢᠨ ᠪᠠᠶᠢᠳᠠᠭ᠃ ᠦᠵᠡᠮᠵᠢ ᠶᠢᠨ ᠤᠷᠤᠨ ᠤ ᠭᠡᠷ ᠤᠨ ᠳᠤᠳᠤᠷᠠᠬᠢ ᠠᠭᠳᠠ ᠮᠤᠷᠢᠨ ᠤ ᠲᠠᠯᠠᠪᠤᠷ ᠨᠢ 2800 ᠬᠠᠪᠲᠠᠭᠠᠢ ᠳᠦᠷᠪᠡᠯᠵᠢᠨ ᠮᠧᠳ᠋ᠷ ᠲᠠᠯᠠᠪᠠᠢ ᠲᠠᠢ ᠪᠠᠶᠢᠵᠦ᠂ ᠭᠤᠤᠯᠳᠠᠭᠤ ᠬᠦᠢᠲᠡᠨ ᠳᠤ ᠲᠡᠰᠪᠦᠷᠢ ᠦᠬᠡᠢ ᠠᠭᠳᠠ ᠮᠤᠷᠢᠳ ᠤᠨ ᠡᠪᠦᠯ ᠤᠨ ᠤᠯᠠᠷᠢᠯ ᠤᠨ ᠲᠡᠵᠢᠭᠡᠨ ᠠᠷᠠᠴᠢᠯᠠᠭ᠎ᠠ ᠳᠤ ᠬᠡᠷᠡᠭᠯᠡᠳᠡᠭ᠃ ᠤᠶᠢᠷ᠎ᠠ ᠶᠢᠨ ᠵᠢᠯ ᠳᠤ᠂ ᠲᠠᠶᠢᠹᠣᠰᠧ ᠬᠤᠰᠢᠭᠤ᠂ ᠬᠠᠭᠠᠨ ᠤ ᠠᠳᠤᠭᠤᠨ ᠵᠤᠰᠠᠭᠠᠯ ᠤᠨ ᠵᠢᠭᠤᠯᠴᠢᠯᠠᠯ ᠤᠨ ᠤᠷᠤᠨ ᠢ ᠶᠡᠭᠡ ᠬᠦᠴᠦᠨ ᠢᠶᠠᠷ ᠬᠦᠭᠵᠢᠬᠦᠯᠵᠦ᠂ ᠨᠢᠭᠡᠳᠦᠯᠲᠡᠢ ᠲᠦᠯᠦᠪᠯᠡᠨ ᠨᠠᠷᠢᠯᠢᠭ ᠪᠠᠶᠢᠷᠢᠰᠢᠭᠤᠯᠵᠦ᠂ ᠠᠳᠤᠭᠤᠨ ᠰᠤᠶᠤᠯ ᠤᠨ ᠠᠵᠤ ᠦᠢᠯᠡᠰ ᠤᠨ ᠰᠢᠨ᠎ᠡ ᠶᠢ ᠡᠬᠦᠳᠦᠨ ᠰᠢᠨᠵᠢᠯᠡᠬᠦ ᠤᠬᠠᠭᠠᠨᠴᠢ ᠪᠠᠷ ᠬᠦᠭᠵᠢᠬᠦᠯᠵᠦ᠂ ᠤᠯᠤᠰ ᠪᠤᠯᠤᠨ ᠳᠡᠯᠡᠬᠡᠢ ᠶᠢᠨ ᠦᠨᠳᠦᠷ ᠬᠢᠷᠢ ᠲᠦᠪᠰᠢᠨ ᠤ ᠮᠤᠷᠢᠨ ᠮᠡᠷᠭᠡᠵᠢᠯ ᠤᠨ ᠤᠷᠤᠯᠳᠤᠭᠠᠨ ᠪᠤᠯᠤᠨ ᠰᠤᠶᠤᠯ ᠤᠨ ᠰᠤᠯᠢᠯᠴᠠᠭ᠎ᠠ ᠶᠢ ᠬᠡᠳᠦᠨᠲᠡ ᠵᠤᠬᠢᠶᠠᠨ ᠪᠠᠶᠢᠭᠤᠯᠵᠠᠢ᠃ ᠡᠬᠦᠨ ᠠᠴᠠ ᠭᠠᠳᠠᠨ᠎ᠠ᠂ ᠳᠤᠮᠳᠠᠳᠤ ᠤᠯᠤᠰ ᠤᠨ ᠠᠳᠤᠭᠤᠨ ᠤ ᠠᠵᠤ ᠦᠢᠯᠡᠰ ᠤᠨ ᠨᠡᠶᠢᠭᠡᠮᠯᠢᠭ ᠵᠢᠴᠢ ᠳᠡᠯᠡᠬᠡᠢ ᠶᠢᠨ ᠡᠯ᠎ᠡ ᠶᠡᠭᠡ ᠠᠳᠤᠭᠤᠨ ᠤ ᠠᠵᠤ ᠦᠢᠯᠡᠰ ᠤᠨ ᠵᠤᠬᠢᠶᠠᠨ ᠪᠠᠶᠢᠭᠤᠯᠤᠯᠲᠠ ᠶᠢᠨ ᠦᠢᠯᠡᠳᠦᠯ ᠢ ᠴᠢᠩᠭᠠᠳᠬᠠᠵᠦ᠂ ᠠᠳᠤᠭᠤᠨ ᠤ ᠠᠵᠤ ᠦᠢᠯᠡᠰ ᠢᠶᠠᠷ ᠵᠢᠭᠤᠯᠴᠢᠯᠠᠯ ᠤᠨ ᠦᠢᠯᠡᠰ ᠢ ᠠᠭᠢᠭᠤᠯᠵᠦ᠂ ᠠᠳᠤᠭᠤᠨ ᠰᠤᠶᠤᠯ ᠤᠨ ᠤᠨᠴᠠᠯᠢᠭᠲᠦ ᠵᠢᠭᠤᠯᠴᠢᠯᠠᠯ ᠤᠨ ᠨᠡᠷᠡᠲᠦ ᠴᠡᠭ ᠪᠤᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号