ᠪᠦᠳᠦᠭᠡᠯᠴᠢ ᠰᠡᠳᠬᠢᠬᠦᠢ ᠪᠦᠬᠦᠨ ᠠᠴᠠ ᠤᠷᠦ᠋ᠢᠯᠠᠨ᠎ᠠ
ᠨᠡᠶᠢᠲᠡᠯᠡᠭᠰᠡᠨ ᠴᠠᠭ᠄
2020/6/3
   ᠶᠠᠮᠠᠷ ᠠᠵᠢᠯ ᠳᠦᠷᠦᠯ ᠢ ᠡᠵᠡᠩᠨᠡᠵᠦ ᠶᠠᠪᠤᠭ᠎ᠠ ᠴᠤ ᠢᠯᠭᠠᠯ ᠦᠭᠡᠢ ᠪᠦᠳᠦᠭᠡᠯᠴᠢ ᠰᠡᠳᠬᠢᠬᠦᠢ ᠲᠠᠢ ᠬᠦᠮᠦᠨ ᠯᠡ ᠠᠮᠵᠢᠯᠳᠠ ᠲᠠᠢ ᠶᠠᠪᠤᠳᠠᠭ ᠢ ᠳᠠ ᠪᠢᠳᠡ ᠠᠨᠳᠠᠬᠤ ᠦᠭᠡᠢ ᠪᠢᠯᠡ᠃ ᠪᠦᠳᠦᠭᠡᠯᠴᠢ ᠰᠡᠳᠬᠢᠬᠦᠢ ᠭᠡᠳᠡᠭ ᠨᠢ ᠬᠢᠶ᠎ᠡ ᠪᠦᠳᠦᠭᠡᠶ᠎ᠡ ᠭᠡᠰᠡᠨ ᠬᠦᠮᠦᠨ ᠤ ᠬᠤᠪᠢ ᠶᠢᠨ ᠦᠮᠴᠢ ᠶᠤᠮ ᠰᠢᠭ ᠪᠠᠶᠢᠳᠠᠭ᠃ ᠠᠵᠢᠯ ᠤᠨ ᠡᠮᠦᠨ᠎ᠡ ᠪᠤᠳᠤᠯ ᠶᠠᠪᠤᠳᠠᠭ ᠤᠨ ᠶᠤᠰᠤ ᠪᠠᠷ ᠪᠦᠳᠦᠭᠡᠶ᠎ᠡ ᠭᠡᠵᠦ ᠪᠤᠳᠤᠬᠤ ᠨᠢ ᠬᠢᠬᠦ ᠠᠴᠠ ᠪᠠᠨ ᠢᠯᠡᠬᠦᠦ ᠦᠨᠡᠳᠡᠢ ᠪᠠᠶᠢᠳᠠᠭ᠃ ᠳᠡᠷᠡ ᠳᠤᠮᠳᠠ ᠪᠠᠨ ᠪᠦᠳᠦᠭᠡᠯᠴᠢ ᠪᠠᠷ ᠪᠤᠳᠤᠨ᠎ᠠ ᠭᠡᠳᠡᠭ ᠪᠦᠷ ᠴᠤ ᠢᠯᠡᠬᠦᠦ ᠬᠡᠷᠡᠭᠳᠡᠢ ᠪᠠᠶᠢᠵᠦ ᠳᠠᠭᠠᠷᠠᠨ᠎ᠠ᠃ ᠮᠤᠩᠭᠤᠯᠴᠤᠳ ᠮᠠᠨᠢ ᠡᠷᠳᠡ ᠳᠡᠭᠡᠳᠦ ᠠᠴᠠ ᠪᠠᠨ ᠤᠯᠠᠨ ᠵᠦᠢᠯ ᠢ ᠪᠦᠳᠦᠭᠡᠯᠴᠢ ᠪᠠᠷ ᠬᠢᠵᠦ ᠪᠦᠳᠦᠭᠡᠵᠦ ᠠᠮᠢᠳᠤᠷᠠᠯ ᠦᠢᠯᠡᠳᠪᠤᠷᠢᠯᠡᠯ ᠳᠡᠭᠡᠨ ᠠᠰᠢᠭᠯᠠᠵᠦ ᠢᠷᠡᠭᠰᠡᠨ ᠬᠦᠮᠦᠰ᠃ ᠮᠠᠯᠴᠢᠳ ᠮᠠᠨᠢ ᠡᠨᠡᠬᠦ ᠤᠯᠠᠮᠵᠢᠯᠠᠯ ᠢᠶᠠᠷ ᠢᠶᠠᠨ ᠰᠢᠨ᠎ᠡ ᠴᠠᠭ ᠦᠶ᠎ᠡ ᠳᠡᠭᠡᠨ ᠳᠤᠭᠢᠷᠠᠭᠰᠠᠨ ᠰᠢᠨ᠎ᠡ ᠪᠦᠳᠦᠭᠡᠭᠳᠡᠬᠦᠨ ᠨᠦᠭᠦᠳ ᠢ ᠬᠢᠵᠦ ᠪᠦᠳᠦᠭᠡᠭᠡᠳ ᠦᠯᠡᠮᠵᠢ ᠠᠮᠵᠢᠯᠳᠠ ᠲᠠᠢ ᠶᠠᠪᠤᠭ᠎ᠠ ᠨᠢ ᠮᠠᠭᠳᠠᠭᠤᠰᠢᠳᠠᠢ᠃ ᠴᠠᠭ ᠦᠶ᠎ᠡ ᠪᠠᠨ ᠳᠠᠭᠠᠭᠠᠳ ᠰᠠᠨᠠᠭᠠᠨ ᠳᠤ ᠤᠷᠤᠮ᠎ᠠ ᠦᠭᠡᠢ ᠬᠡᠮᠡᠷ ᠵᠦᠢᠯ ᠢ ᠪᠦᠳᠦᠭᠡᠵᠦ ᠪᠠᠶᠢᠭ᠎ᠠ ᠮᠠᠯᠴᠢᠳ ᠵᠦᠡᠭᠳᠡᠭᠡᠨ ᠪᠤᠢ᠃ ᠤᠨᠴᠠᠭᠠᠢᠢᠯᠠᠨ ᠳᠤᠤᠷ ᠰᠦᠯᠵᠢᠶ᠎ᠡ ᠨᠡᠪᠳᠡᠷᠡᠵᠦ᠂ ᠴᠢᠮᠡᠭᠡ ᠵᠠᠩᠬᠢ ᠳᠦᠭᠡᠮᠡᠯᠵᠢᠭᠰᠡᠨ ᠠᠴᠠ ᠬᠤᠶᠢᠰᠢ ᠮᠠᠯᠵᠢᠬᠤ ᠦᠢᠯᠡᠳᠪᠤᠷᠢᠯᠡᠯ ᠤᠨ ᠮᠠᠰᠢᠨ ᠪᠠᠭᠠᠵᠢ ᠪᠠᠨ ᠦᠪᠡᠷᠰᠡᠳ ᠢᠶᠠᠨ ᠭᠠᠷ ᠬᠦᠳᠡᠯᠦᠨ ᠬᠢᠵᠦ ᠠᠰᠢᠭᠯᠠᠬᠤ ᠪᠠᠷ ᠪᠠᠷᠠᠬᠤ ᠦᠭᠡᠢ᠂ ᠬᠤᠯᠠ ᠤᠢᠢᠷ᠎ᠠ ᠶᠢᠨ ᠮᠠᠯᠴᠢᠨ ᠳᠦᠮᠡᠨ ᠳᠡᠭᠡᠨ ᠬᠤᠳᠠᠯᠳᠤᠭᠠᠳ ᠵᠤᠬᠢᠬᠤ ᠠᠰᠢᠭ ᠤᠷᠤᠯᠭ᠎ᠠ ᠡᠬᠦᠳᠬᠦ ᠪᠤᠯᠤᠭᠰᠠᠨ ᠢᠶᠠᠷ ᠬᠡᠨ ᠠᠯᠢᠨ ᠳᠠᠭᠠᠨ ᠠᠰᠢᠭᠳᠠᠢ ᠪᠤᠯᠵᠠᠢ᠃ ᠡᠬᠦᠨ ᠢᠶᠠᠷ ᠵᠤᠭᠰᠤᠬᠤ ᠦᠭᠡᠢ ᠤᠯᠠᠨ ᠮᠠᠯᠴᠢᠳ ᠬᠢᠵᠦ ᠪᠦᠳᠦᠭᠡᠭᠰᠡᠨ ᠢᠶᠠᠷ ᠢᠶᠠᠨ ᠤᠯᠤᠰ ᠤᠨ ᠳᠤᠰᠬᠠᠢ ᠠᠰᠢᠭ ᠤᠨ ᠡᠷᠭᠡ ᠶᠢᠨ ᠦᠨᠡᠮᠯᠡᠯ ᠬᠦᠷᠳᠡᠵᠦ ᠮᠠᠯᠴᠢᠨ ᠮᠡᠷᠭᠡᠵᠢᠯᠳᠡᠨ ᠴᠣᠯᠠ ᠬᠥᠷᠳᠡᠵᠥ ᠪᠠᠶᠢᠭ᠎ᠠ ᠪᠢᠯᠡ᠃ ᠵᠦᠪᠭᠡᠨ ᠦᠪᠡᠷ ᠢ ᠪᠠᠨ ᠯᠡ ᠬᠠᠨᠭ᠍ᠭᠠᠵᠦ ᠪᠠᠶᠢᠭᠰᠠᠨ ᠬᠦᠮᠦᠰ ᠴᠠᠭ ᠦᠶ᠎ᠡ ᠪᠠᠨ ᠳᠠᠭᠠᠭᠠᠳ ᠮᠠᠯᠵᠢᠬᠤ ᠦᠢᠯᠡᠳᠪᠤᠷᠢᠯᠡᠯ ᠤᠨ ᠢᠶᠠᠨ ᠳᠠᠭᠠᠤ ᠠᠷᠠᠯᠵᠢᠶ᠎ᠠ ᠬᠤᠳᠠᠯᠳᠤᠭᠠᠨ ᠤ ᠵᠠᠮ ᠢᠶᠠᠷ ᠵᠠᠮᠨᠠᠵᠦ᠂ ᠪᠦᠳᠦᠭᠡᠯᠴᠢ ᠰᠡᠳᠬᠢᠬᠦᠢ ᠶᠢᠨ ᠢᠶᠠᠨ ᠦᠷ᠎ᠠ ᠠᠰᠢᠭ ᠢ ᠬᠦᠷᠳᠡᠬᠦ ᠪᠤᠯᠤᠭᠰᠠᠨ ᠶᠤᠮ᠃ ᠮᠠᠯᠴᠢᠨ ᠮᠡᠷᠭᠡᠵᠢᠯᠳᠡᠳ ᠤᠨ ᠮᠠᠨᠢ ᠡᠬᠦᠳᠦᠨ ᠪᠦᠳᠦᠭᠡᠭᠰᠡᠨ ᠮᠠᠰᠢᠨ ᠪᠠᠭᠠᠵᠢ ᠤᠯᠠᠮ ᠠᠴᠠ ᠤᠯᠠᠮ ᠨᠡᠮᠡᠭᠳᠡᠵᠦ ᠯᠡ ᠪᠠᠶᠢᠨ᠎ᠠ᠃ ᠦᠪᠡᠷᠰᠡᠳ ᠢᠶᠠᠨ ᠮᠠᠯᠴᠢᠨ ᠬᠦᠮᠦᠨ ᠪᠤᠯᠬᠤᠷ ᠶᠠᠮᠠᠷ ᠮᠠᠰᠢᠨ ᠪᠠᠭᠠᠵᠢ ᠢᠯᠡᠬᠦᠦ ᠭᠡᠷᠡᠭᠳᠡᠢ ᠪᠠᠶᠢᠭ᠎ᠠ᠂ ᠶᠠᠭᠠᠬᠢᠵᠦ ᠦᠭᠡᠷᠡᠴᠢᠯᠡᠪᠡᠯ ᠠᠰᠢᠭᠯᠠᠮᠵᠢ ᠨᠢ ᠰᠠᠶᠢᠨ ᠪᠤᠯᠳᠠᠭ᠂ ᠢᠷᠡᠭᠡᠳᠦᠢ ᠶᠢᠨ ᠬᠦᠭᠵᠢᠯᠳᠡ ᠶᠢᠨ ᠬᠠᠨᠳᠤᠰᠢ ᠪᠤᠶᠤ ᠬᠡᠷᠡᠭᠴᠡᠭᠡ ᠱᠠᠭᠠᠷᠳᠠᠯᠭ᠎ᠠ ᠨᠢ ᠶᠠᠭᠤ ᠪᠤᠯᠵᠦ ᠪᠠᠶᠢᠭ᠎ᠠ ᠶᠢᠨ ᠳᠤᠬᠠᠢ ᠠᠨᠳᠠᠬᠤ ᠦᠭᠡᠢ ᠮᠡᠳᠡᠳᠡᠭ᠃ ᠡᠨᠡ ᠪᠤᠯ ᠳᠡᠳᠡᠨ ᠤ ᠬᠠᠮᠤᠭ ᠤᠨ ᠳᠠᠪᠠᠭᠤ ᠳᠠᠯ᠎ᠠ᠃ ᠮᠡᠳᠡᠳᠡᠭ ᠵᠦᠢᠯ ᠢᠶᠠᠨ ᠯᠡ ᠰᠠᠶᠢᠨ ᠬᠢᠵᠦ ᠴᠢᠳᠠᠳᠠᠭ ᠤᠨ ᠤᠴᠢᠷ ᠢᠶᠠᠷ ᠮᠠᠯᠴᠢᠨ ᠮᠡᠷᠭᠡᠵᠢᠯᠳᠡᠳ ᠮᠠᠨᠢ ᠪᠠᠶᠢᠳᠠᠯ ᠢ ᠰᠠᠶᠢᠨ ᠠᠵᠢᠭᠰᠠᠨ ᠰᠠᠭᠤᠷᠢᠨ ᠳᠡᠭᠡᠷ᠎ᠡ ᠪᠦᠳᠦᠭᠡᠯᠴᠢ ᠰᠡᠳᠬᠢᠬᠦᠢ ᠪᠠᠷ ᠢᠶᠠᠨ ᠮᠠᠰᠢ ᠴᠢᠳᠠᠮᠠᠭᠠᠢ ᠠᠵᠢᠯᠯᠠᠵᠦ ᠴᠢᠳᠠᠭᠰᠠᠨ ᠢᠶᠠᠷ ᠢᠶᠠᠨ ᠪᠦᠬᠦᠨ ᠠᠴᠠ ᠤᠷᠦ᠋ᠢᠯᠠᠵᠦ ᠭᠠᠶᠢᠬᠠᠯᠳᠠᠢ ᠮᠠᠰᠢᠨ ᠪᠠᠭᠠᠵᠢ ᠶᠢ ᠦᠢᠯᠡᠳᠪᠤᠷᠢᠯᠡᠵᠦ ᠪᠦᠳᠦᠭᠡᠭᠰᠡᠭᠡᠷ ᠯᠡ ᠪᠠᠶᠢᠨ᠎ᠠ᠃ ᠳᠡᠭᠡᠬᠦ ᠮᠦᠷᠳᠡᠭᠡᠨ ᠬᠢᠵᠦ ᠪᠦᠳᠦᠭᠡᠭᠰᠡᠨ ᠮᠠᠰᠢᠨ ᠪᠠᠭᠠᠵᠢ ᠶᠢᠨ ᠬᠢᠨᠢ ᠦᠷ᠎ᠡ ᠠᠰᠢᠭ ᠤᠨ ᠳᠤᠬᠠᠢ ᠬᠡᠷᠡᠭᠯᠡᠭᠰᠡᠨ ᠬᠦᠮᠦᠰ ᠠᠮᠠ ᠬᠠᠵᠠᠭᠠᠢ ᠦᠭᠡᠢ ᠪᠠᠶᠢᠬᠤ ᠨᠢ ᠠᠮᠵᠢᠯᠳᠠ ᠶᠤᠮᠰᠠᠨ᠃ ᠪᠦᠳᠦᠭᠡᠯᠴᠢ ᠰᠡᠳᠬᠢᠬᠦᠢ ᠶᠢᠨ ᠦᠷ᠎ᠡ ᠠᠰᠢᠭ ᠢᠡᠭᠬᠢᠵᠦ ᠪᠦᠬᠦᠳᠡ ᠶᠢᠨ ᠦᠨᠡᠯᠡᠯᠳᠡ ᠶᠢ ᠤᠯᠳᠠᠭ ᠶᠤᠮᠰᠠᠨ᠃ ᠮᠠᠯᠴᠢᠳ ᠮᠢᠨᠢ ᠪᠦᠳᠦᠭᠡᠯᠴᠢ ᠰᠡᠳᠬᠢᠬᠦᠢ ᠲᠠᠢ ᠪᠠᠶᠢᠬᠤ ᠳᠤ ᠰᠢᠯᠢ ᠨᠤᠲᠤᠭ ᠤᠨ ᠮᠠᠯ ᠠᠵᠤ ᠠᠬᠤᠢ ᠰᠢᠨᠡᠳᠦᠨ ᠬᠤᠪᠢᠷᠠᠬᠤ ᠦᠭᠡᠢ ᠶᠠᠭᠠᠬᠢᠬᠤᠪ᠂ ᠨᠢᠭᠡ ᠠᠵᠢᠯ ᠳᠦᠷᠦᠯ ᠤᠨ ᠠᠬᠢᠯᠳᠠ ᠳᠠᠪᠰᠢᠯᠳᠠ ᠨᠢ ᠪᠦᠳᠦᠭᠡᠯᠴᠢ ᠰᠡᠳᠬᠢᠬᠦᠢ ᠲᠠᠢ ᠬᠦᠮᠦᠰ ᠤᠨ ᠤᠷᠤᠯᠴᠠᠯᠭ᠎ᠠ ᠲᠠᠢ ᠰᠢᠭᠤᠳ ᠬᠤᠯᠪᠤᠭ᠎ᠠ ᠲᠠᠢ ᠪᠠᠶᠢᠳᠠᠭ᠃ ᠴᠠᠭ ᠦᠶ᠎ᠡ ᠪᠠᠨ ᠳᠠᠭᠠᠭᠰᠠᠨ ᠪᠢᠰᠢ᠂ ᠶᠠᠳᠠᠵᠦ ᠴᠠᠭ ᠦᠶ᠎ᠡ ᠲᠠᠢ ᠪᠠᠨ ᠵᠠᠷᠭᠡᠴᠡᠭᠰᠡᠨ᠂ ᠨᠡᠩ ᠠᠬᠢᠭᠤᠯᠤᠭᠠᠳ ᠶᠠᠷᠢᠬᠤ ᠶᠤᠮ ᠪᠤᠯ ᠴᠠᠭ ᠦᠶ᠎ᠡ ᠠᠴᠠ ᠪᠠᠨ ᠤᠷᠢᠳᠴᠢᠯᠠᠭᠰᠠᠨ ᠠᠵᠢᠭᠴᠢ ᠬᠢᠷᠠᠬᠠᠢ ᠨᠢᠳᠦ ᠲᠠᠢ᠂ ᠪᠦᠳᠦᠭᠡᠯᠴᠢ ᠰᠡᠳᠬᠢᠬᠦᠢ ᠲᠠᠢ ᠮᠠᠯᠴᠢᠳ ᠤᠯᠠᠰᠢᠷᠠᠬᠤ ᠶᠢ ᠳᠠᠭᠠᠯᠳᠤᠨ ᠶᠡᠭᠡ ᠰᠢᠯᠢ ᠶᠢᠨ ᠮᠠᠯ ᠠᠵᠤ ᠠᠬᠤᠢ ᠪᠠᠳᠠᠷᠠᠨ ᠬᠦᠭᠵᠢᠬᠦ ᠨᠢ ᠳᠠᠮᠵᠢᠭ ᠦᠭᠡᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号