ᠮᠢᠬᠠᠨ ᠦᠬᠡᠷ ᠢ ᠪᠤᠷᠳᠤᠵᠤ ᠲᠠᠷᠭᠤᠯᠠᠭᠤᠯᠬᠤ ᠶᠤᠰᠤ
ᠨᠡᠶᠢᠲᠡᠯᠡᠭᠰᠡᠨ ᠴᠠᠭ᠄
2020/6/3
      ᠦᠬᠡᠷ ᠢ ᠠᠯᠢ ᠲᠦᠷᠭᠡᠨ ᠢᠶᠠᠷ ᠲᠠᠷᠭᠤᠯᠠᠭᠤᠯᠬᠤ ᠳᠤ ᠦᠬᠡᠷ ᠲᠤ ᠦᠭᠬᠦ ᠰᠢᠮ᠎ᠡ ᠲᠡᠵᠢᠭᠡᠯᠲᠦ ᠪᠤᠳᠠᠰ ᠨᠢ ᠡᠷᠬᠡᠪᠰᠢ ᠬᠡᠪ ᠤᠨ ᠶᠤᠰᠤᠭᠠᠷ ᠦᠰᠴᠦ ᠪᠤᠶᠢᠵᠢᠬᠤ ᠬᠡᠷᠡᠭᠴᠡᠭᠡ ᠠᠴᠠ ᠳᠠᠪᠠᠭ᠋ᠤ ᠬᠡᠷᠡᠭᠲᠡᠢ᠃ ᠦᠬᠡᠷ ᠤᠨ ᠬᠡᠪ ᠤᠨ ᠶᠤᠰᠤᠭᠠᠷ ᠰᠢᠩᠭᠡᠬᠡᠨ ᠠᠪᠬᠤ ᠶᠢ ᠦᠯᠦ ᠨᠦᠯᠦᠭᠡᠯᠡᠬᠦ ᠤᠷᠢᠳᠠᠯ ᠳᠤᠤᠷ᠎ᠠ᠂ ᠵᠤᠬᠢᠬᠤ ᠬᠡᠪᠴᠢᠶᠡᠨ ᠳᠤ ᠲᠡᠵᠢᠭᠡᠭᠰᠡᠨ ᠰᠢᠮ᠎ᠡ ᠲᠡᠵᠢᠭᠡᠯᠲᠦ ᠪᠤᠳᠠᠰ ᠨᠢ ᠬᠡᠳᠦᠢ ᠠᠷᠪᠢᠨ ᠪᠤᠯ ᠡᠳᠦᠷ ᠲᠤ ᠨᠡᠮᠡᠭᠳᠡᠬᠦ ᠬᠦᠨᠳᠦ ᠶᠢᠨ ᠬᠡᠮᠵᠢᠶ᠎ᠡ ᠨᠢ ᠲᠡᠳᠦᠢ ᠶᠡᠭᠡ ᠪᠤᠯᠬᠤ ᠪᠦᠭᠡᠳ ᠨᠢᠭᠡᠴᠢ ᠪᠦᠷᠢ ᠶᠢᠨ ᠬᠦᠨᠳᠦ ᠶᠢᠨ ᠬᠡᠮᠵᠢᠶ᠎ᠡ ᠶᠢ ᠨᠡᠮᠡᠭᠳᠡᠭᠦᠯᠬᠦ ᠳᠤ ᠬᠡᠷᠡᠭᠰᠡᠬᠦ ᠪᠤᠷᠳᠤᠭ᠎ᠠ ᠨᠢ ᠳᠠᠷᠤᠢ ᠲᠡᠳᠦᠢ ᠪᠠᠭ᠎ᠠ ᠪᠤᠯᠵᠤ᠂ ᠲᠡᠵᠢᠭᠡᠯ ᠤᠨ ᠲᠤᠭᠠᠨ ᠠᠴᠠ ᠭᠠᠷᠭᠠᠬᠤ ᠡᠳᠦᠷ ᠨᠢ ᠴᠤ ᠤᠷᠢᠳᠴᠢᠯᠠᠬᠤ ᠪᠤᠯᠤᠨ᠎ᠠ᠃ ᠠᠳᠠᠯᠢ ᠪᠤᠰᠤ ᠡᠭᠦᠯᠳᠡᠷ ᠤᠨ ᠦᠬᠡᠷ ᠤᠨ ᠪᠤᠷᠳᠤᠵᠤ ᠲᠠᠷᠭᠤᠯᠠᠭᠤᠯᠬᠤ ᠬᠤᠭᠤᠴᠠᠭᠠᠨ ᠳᠠᠬᠢ ᠰᠢᠮ᠎ᠡ ᠲᠡᠵᠢᠭᠡᠯ ᠤᠨ ᠬᠡᠷᠡᠭᠴᠡᠭᠡ ᠨᠢ ᠴᠤ ᠠᠳᠠᠯᠢ ᠪᠤᠰᠤ ᠪᠠᠶᠢᠳᠠᠭ᠃ ᠡᠳᠦᠷ ᠲᠤ ᠨᠡᠮᠡᠭᠳᠡᠬᠦ ᠬᠦᠨᠳᠦ ᠶᠢᠨ ᠬᠡᠮᠵᠢᠶ᠎ᠡ ᠶᠢ ᠨᠢ ᠠᠳᠠᠯᠢ ᠪᠤᠯᠭᠠᠬᠤ ᠭᠡᠪᠡᠯ ᠮᠢᠬᠠᠨ ᠪᠤᠰᠤ ᠦᠬᠡᠷ ᠤᠨ ᠬᠡᠷᠡᠭᠰᠡᠬᠦ ᠰᠢᠮ᠎ᠡ ᠲᠡᠵᠢᠭᠡᠯᠲᠦ ᠪᠤᠳᠠᠰ ᠨᠢ ᠮᠢᠬᠠᠨ ᠦᠬᠡᠷ ᠪᠤᠯᠤᠨ ᠮᠢᠬᠠᠨ ᠤ ᠡᠷᠯᠢᠰᠡ ᠦᠬᠡᠷ ᠤᠨ ᠬᠢ ᠠᠴᠠ ᠶᠡᠭᠡ ᠪᠠᠶᠢᠬᠤ ᠬᠡᠷᠡᠭᠲᠡᠢ᠃ ᠦᠬᠡᠷ ᠤᠨ ᠪᠤᠷᠳᠤᠵᠤ ᠲᠠᠷᠭᠤᠯᠠᠭᠤᠯᠬᠤ ᠠᠳᠠᠯᠢ ᠪᠤᠰᠤ ᠦᠰᠦᠯᠲᠡ ᠶᠢᠨ ᠬᠤᠭᠤᠴᠠᠭᠠᠨ ᠳᠤ ᠱᠠᠭᠠᠷᠳᠠᠭᠳᠠᠬᠤ ᠰᠢᠮ᠎ᠡ ᠲᠡᠵᠢᠭᠡᠯᠲᠦ ᠪᠤᠳᠠᠰ ᠤᠨ ᠬᠡᠮᠵᠢᠶ᠎ᠡ ᠨᠢ ᠴᠤ ᠠᠳᠠᠯᠢ ᠪᠤᠰᠤ ᠪᠠᠶᠢᠳᠠᠭ᠃ ᠲᠤᠭᠤᠯ ᠪᠤᠯ ᠶᠠᠭ ᠦᠰᠴᠦ ᠪᠤᠶᠢᠵᠢᠬᠤ ᠦᠶ᠎ᠡ ᠳᠡᠭᠡᠨ ᠪᠠᠶᠢᠳᠠᠭ ᠪᠤᠯᠬᠤᠷ ᠭᠤᠤᠯᠳᠠᠭᠤ ᠪᠤᠯᠴᠢᠩ ᠮᠢᠬ᠎ᠠ᠂ ᠶᠠᠰᠤ ᠪᠤᠯᠤᠨ ᠳᠤᠲᠤᠷ᠎ᠠ ᠡᠷᠬᠡᠲᠡᠨ ᠤ ᠬᠦᠨᠳᠦ ᠨᠢ ᠨᠡᠮᠡᠭᠳᠡᠳᠡᠭ᠂ ᠭᠡᠬᠦ ᠳᠤ ᠨᠠᠰᠤ ᠭᠦᠢᠴᠡᠭᠰᠡᠨ ᠦᠬᠡᠷ ᠪᠤᠯ ᠭᠤᠤᠯᠳᠠᠭᠤ ᠦᠬᠡᠭᠦᠯᠡᠵᠦ ᠲᠠᠷᠭᠤᠯᠠᠳᠠᠭ᠃ ᠰᠤᠳᠤᠯᠭᠠᠨ ᠢ ᠦᠨᠳᠦᠰᠦᠯᠡᠪᠡᠯ᠂ 14 ᠰᠠᠷ᠎ᠠ ᠤᠷᠴᠢᠮ ᠪᠤᠯᠵᠤ ᠪᠠᠶᠢᠬᠤ ᠦᠬᠡᠷ ᠤᠨ ᠪᠤᠯᠴᠢᠩ ᠮᠢᠬ᠎ᠠ ᠶᠢᠨ ᠬᠠᠷᠢᠴᠠᠩᠭᠤᠢ ᠦᠰᠦᠯᠲᠡ ᠶᠢᠨ ᠬᠤᠷᠳᠤᠴᠠ ᠨᠢ ᠬᠠᠮᠤᠭ ᠤᠨ ᠲᠦᠷᠭᠡᠨ ᠪᠠᠶᠢᠳᠠᠭ᠂ ᠭᠡᠪᠡᠴᠦ 18 ᠰᠠᠷ᠎ᠠ ᠪᠤᠯᠪᠠᠯ ᠪᠤᠯᠴᠢᠩ ᠮᠢᠬ᠎ᠠ ᠶᠢᠨ ᠬᠠᠷᠢᠴᠠᠯᠠᠰᠢ ᠦᠭᠡᠢ ᠪᠠ ᠬᠠᠷᠢᠴᠠᠩᠭᠤᠢ ᠦᠰᠦᠯᠲᠡ ᠶᠢᠨ ᠬᠤᠷᠳᠤᠴᠠ ᠨᠢ ᠪᠦᠷ ᠤᠳᠠᠭᠠᠰᠢᠷᠠᠨ᠎ᠠ᠃ ᠡᠨᠡ ᠨᠢ ᠨᠠᠰᠤ ᠨᠡᠮᠡᠭᠳᠡᠬᠦ ᠶᠢ ᠳᠠᠭᠠᠯᠳᠤᠨ ᠪᠡᠶ᠎ᠡ ᠳᠠᠬᠢ ᠬᠦᠴᠢᠯᠲᠦ᠋ᠷᠦᠭᠴᠢ ᠬᠤᠷᠠᠮᠳᠤᠬᠤ ᠴᠢᠳᠠᠪᠤᠷᠢ ᠨᠢ ᠪᠠᠭᠤᠷᠠᠳᠠᠭ ᠠᠴᠠ ᠪᠤᠯᠤᠭᠰᠠᠨ ᠶᠤᠮ᠃ ᠡᠶᠢᠮᠦ ᠠᠴᠠ ᠲᠤᠭᠤᠯᠯᠠᠭᠰᠠᠨ ᠠᠴᠠ ᠬᠤᠶᠢᠰᠢᠬᠢ ᠪᠤᠯᠴᠢᠩ ᠮᠢᠬ᠎ᠠ ᠶᠢᠨ ᠦᠰᠦᠯᠲᠡ ᠨᠢ ᠲᠦᠷᠭᠡᠨ ᠨᠡᠮᠡᠭᠳᠡᠬᠦ ᠬᠤᠶᠠᠷ ᠱᠠᠲᠤ ᠦᠶ᠎ᠡ ᠭᠡᠳᠡᠭ ᠨᠢ ᠳᠠᠷᠤᠢ ᠲᠤᠭᠤᠯᠯᠠᠭᠰᠠᠨ ᠠᠴᠠ ᠡᠬᠢᠯᠡᠭᠡᠳ 7 ᠰᠠᠷ᠎ᠠ ᠪᠤᠯᠲᠠᠯ᠎ᠠ᠂ 14 ᠰᠠᠷ᠎ᠠ ᠠᠴᠠ 18 ᠰᠠᠷ᠎ᠠ ᠪᠤᠯᠲᠠᠯᠠᠬᠢ ᠶᠢ ᠬᠡᠯᠡᠨ᠎ᠡ᠃ ᠮᠢᠬᠠᠨ ᠦᠬᠡᠷ ᠢ ᠨᠢᠳᠤᠯᠬᠤ ᠬᠠᠮᠤᠭ ᠤᠨ ᠲᠤᠬᠢᠷᠠᠮᠵᠢᠲᠠᠢ ᠴᠠᠭ ᠨᠢ 18~24 ᠰᠠᠷ᠎ᠠ ᠪᠤᠯᠤᠨ᠎ᠠ᠂ ᠡᠨᠡ ᠦᠶ᠎ᠡ ᠳᠤ ᠪᠡᠶ᠎ᠡ ᠶᠢᠨ ᠬᠦᠨᠳᠦ ᠨᠢ 450~500kg ᠳᠤ ᠬᠦᠷᠳᠡᠭ᠃ ᠠᠳᠠᠯᠢ ᠪᠤᠰᠤ ᠤᠷᠴᠢᠨ ᠲᠤᠭᠤᠷᠢᠨ ᠤ ᠳᠤᠯᠠᠭᠠᠨ ᠤ ᠬᠡᠮᠵᠢᠶ᠎ᠡ ᠨᠢ ᠪᠤᠷᠳᠤᠵᠤ ᠲᠠᠷᠭᠤᠯᠠᠭᠤᠯᠬᠤ ᠦᠬᠡᠷ ᠤᠨ ᠰᠢᠮ᠎ᠡ ᠲᠡᠵᠢᠭᠡᠯ ᠤᠨ ᠬᠡᠷᠡᠭᠴᠡᠭᠡ ᠪᠤᠯᠤᠨ ᠪᠡᠶ᠎ᠡ ᠶᠢᠨ ᠬᠦᠨᠳᠦ ᠨᠡᠮᠡᠭᠳᠡᠬᠦ ᠳᠤ ᠲᠤᠩ ᠶᠡᠭᠡ ᠨᠦᠯᠦᠭᠡ ᠦᠵᠡᠭᠦᠯᠳᠡᠭ᠃ ᠳᠤᠮᠳᠠᠴᠢ ᠳᠤᠯᠠᠭᠠᠨ ᠤ ᠬᠡᠮᠵᠢᠶ᠎ᠡ ᠨᠢ 7℃ ᠠᠴᠠ ᠳᠤᠤᠷ᠎ᠠ ᠪᠠᠶᠢᠬᠤ ᠦᠶ᠎ᠡ ᠳᠤ᠂ ᠬᠦᠢᠲᠡᠨ ᠢ ᠲᠡᠰᠪᠦᠷᠢᠯᠡᠬᠦ ᠶᠢᠨ ᠲᠦᠯᠦᠭᠡ ᠦᠬᠡᠷ ᠤᠨ ᠪᠡᠶ᠎ᠡ ᠶᠢᠨ ᠢᠯᠴᠢ ᠢᠯᠭᠠᠷᠠᠭᠤᠯᠬᠤ ᠬᠡᠮᠵᠢᠶ᠎ᠡ ᠨᠢ ᠨᠡᠮᠡᠭᠳᠡᠵᠦ᠂ ᠪᠡᠶ᠎ᠡ ᠶᠢᠨ ᠳᠤᠯᠠᠭᠠᠨ ᠢᠶᠠᠨ ᠵᠤᠬᠢᠬᠤ ᠬᠡᠮᠵᠢᠶᠡᠨ ᠳᠤ ᠬᠦᠷᠦᠭᠦᠯᠳᠡᠭ᠃ ᠪᠡᠶ᠎ᠡ ᠶᠢᠨ ᠳᠤᠯᠠᠭᠠᠨ ᠨᠢ ᠳᠤᠷᠤᠭᠰᠢᠯᠠᠪᠠᠯ ᠢᠯᠴᠢ ᠢᠯᠭᠠᠷᠠᠭᠤᠯᠬᠤ ᠨᠢ ᠶᠡᠭᠡ ᠪᠤᠯᠬᠤ ᠲᠤᠯᠠ ᠲᠡᠵᠢᠭᠡᠯ ᠪᠤᠷᠳᠤᠭᠠᠨ ᠤ ᠠᠰᠢᠭᠯᠠᠮᠵᠢ ᠨᠢ ᠴᠤ ᠪᠠᠭ᠎ᠠ ᠪᠤᠯᠳᠠᠭ᠃ ᠡᠶᠢᠮᠦ ᠠᠴᠠ ᠠᠭᠤᠷ ᠠᠮᠢᠰᠬᠤᠯ ᠬᠦᠢᠲᠡᠨ ᠤᠷᠴᠢᠨ ᠲᠤᠭᠤᠷᠢᠨ ᠳᠤ ᠪᠠᠶᠢᠬᠤ ᠦᠬᠡᠷ ᠲᠤ ᠦᠭᠬᠦ ᠰᠢᠮ᠎ᠡ ᠲᠡᠵᠢᠭᠡᠯᠲᠦ ᠪᠤᠳᠠᠰ ᠢ ᠨᠢ ᠵᠤᠬᠢᠬᠤ ᠬᠡᠮᠵᠢᠶ᠎ᠡ ᠪᠠᠷ ᠨᠡᠮᠡᠭᠳᠡᠭᠦᠯᠪᠡᠯ ᠡᠳᠦᠷ ᠲᠤ ᠨᠡᠮᠡᠭᠳᠡᠬᠦ ᠬᠦᠨᠳᠦ ᠶᠢᠨ ᠬᠡᠮᠵᠢᠶ᠎ᠡ ᠶᠢ ᠨᠡᠯᠢᠶᠡᠳ ᠶᠡᠭᠡ ᠪᠠᠶᠢᠯᠭᠠᠵᠤ ᠴᠢᠳᠠᠨ᠎ᠠ᠃ ᠳᠤᠮᠳᠠᠴᠢ ᠳᠤᠯᠠᠭᠠᠨ ᠤ ᠬᠡᠮᠵᠢᠶ᠎ᠡ ᠨᠢ 27℃ ᠠᠴᠠ ᠳᠡᠭᠡᠭᠰᠢ ᠪᠠᠶᠢᠬᠤ ᠦᠶ᠎ᠡ ᠳᠤ ᠦᠬᠡᠷ ᠤᠨ ᠠᠮᠢᠰᠬᠤᠬᠤ ᠲᠤᠭ᠎ᠠ ᠪᠤᠯᠤᠨ ᠪᠡᠶ᠎ᠡ ᠶᠢᠨ ᠬᠢᠨᠢ ᠳᠤᠯᠠᠭᠠᠨ ᠤ ᠬᠡᠮᠵᠢᠶ᠎ᠡ ᠨᠢ ᠠᠭᠤᠷ ᠠᠮᠢᠰᠬᠤᠯ ᠤᠨ ᠳᠤᠯᠠᠭᠠᠷᠠᠬᠤ ᠶᠢ ᠳᠠᠭᠠᠯᠳᠤᠨ ᠨᠡᠮᠡᠭᠳᠡᠵᠦ᠂ ᠢᠳᠡᠬᠦ ᠬᠡᠮᠵᠢᠶ᠎ᠡ ᠨᠢ ᠴᠦ ᠪᠠᠭᠠᠰᠤᠨ᠎ᠠ᠃ ᠮᠠᠰᠢ ᠬᠠᠯᠠᠭᠤᠨ ᠪᠤᠯᠪᠠᠯ ᠦᠬᠡᠷ ᠤᠨ ᠡᠪᠡᠰᠦ ᠪᠤᠷᠳᠤᠭ᠎ᠠ ᠢᠳᠡᠬᠦ ᠳᠤᠷᠠᠰᠢᠯ ᠨᠢ ᠪᠠᠭᠠᠰᠴᠤ᠂ ᠴᠢᠨᠠᠭᠰᠢᠯᠠᠪᠠᠯ ᠢᠳᠡᠬᠦ ᠪᠠᠨ ᠪᠤᠯᠢᠵᠤ᠂ ᠰᠢᠯᠦᠰᠦ ᠪᠠᠨ ᠭᠤᠭᠤᠵᠢᠭᠤᠯᠤᠨ᠎ᠠ᠂ ᠬᠦᠨᠳᠦ ᠨᠤᠴᠢᠲᠠᠢ ᠨᠢ ᠨᠠᠷᠠᠰᠢᠭᠠᠳ ᠦᠬᠦᠨ᠎ᠡ᠃ ᠮᠢᠬᠠᠨ ᠦᠬᠡᠷ ᠲᠤ ᠲᠤᠬᠢᠷᠠᠬᠤ ᠳᠤᠯᠠᠭᠠᠨ ᠤ ᠬᠡᠮᠵᠢᠶ᠎ᠡ ᠨᠢ 16~24℃ ᠪᠤᠯᠤᠨ᠎ᠠ᠃ ᠠᠭᠤᠷ ᠠᠮᠢᠰᠬᠤᠯ ᠶᠡᠭᠡ ᠴᠢᠭᠢᠭᠯᠢᠭ ᠪᠤᠯᠪᠠᠯ ᠠᠭᠠᠭᠢᠮ᠎ᠠ ᠬᠠᠯᠠᠭᠤᠨ ᠨᠢ ᠦᠬᠡᠷ ᠲᠤ ᠮᠠᠰᠢ ᠶᠡᠭᠡ ᠬᠤᠤᠷ ᠬᠦᠨᠦᠭᠡᠯ ᠪᠤᠯᠳᠠᠭ᠂ ᠢᠯᠠᠩᠭᠤᠶ᠎ᠠ ᠪᠤᠷᠳᠤᠵᠤ ᠲᠠᠷᠭᠤᠯᠠᠭᠤᠯᠤᠭᠰᠠᠨ ᠰᠡᠭᠦᠯᠴᠢ ᠶᠢᠨ ᠬᠤᠭᠤᠴᠠᠭᠠᠨ ᠳᠤ ᠴᠢᠭᠢᠭᠯᠢᠭ ᠬᠠᠯᠠᠭᠤᠨ ᠠᠭᠤᠷ ᠠᠮᠢᠰᠬᠤᠯ ᠨᠢ ᠦᠬᠡᠷ ᠲᠤ ᠨᠡᠩ ᠶᠡᠭᠡ ᠬᠤᠤᠷ ᠬᠦᠨᠦᠭᠡᠯ ᠤᠴᠠᠷᠠᠭᠤᠯᠳᠠᠭ᠃ ᠮᠢᠬᠠᠨ ᠦᠬᠡᠷ ᠢ ᠮᠠᠯᠵᠢᠬᠤ ᠶᠠᠪᠤᠴᠠ ᠳᠤ ᠨᠢᠳᠤᠯᠬᠤ ᠪᠡᠶ᠎ᠡ ᠶᠢᠨ ᠬᠦᠨᠳᠦ ᠶᠢᠨ ᠬᠡᠮᠵᠢᠶᠡᠨ ᠳᠤ ᠬᠦᠷᠬᠦ ᠬᠤᠭᠤᠴᠠᠭ᠎ᠠ ᠨᠢ ᠭᠡᠳᠦᠢ ᠤᠬᠤᠷ ᠪᠤᠯᠪᠠᠯ ᠠᠵᠤ ᠠᠬᠤᠢ ᠶᠢᠨ ᠦᠷ᠎ᠡ ᠠᠰᠢᠭ ᠨᠢ ᠲᠡᠳᠦᠢ ᠶᠡᠭᠡ ᠪᠤᠯᠤᠨ᠎ᠠ᠃ ᠮᠠᠰᠢ ᠤᠯᠠᠨ ᠲᠤᠷᠰᠢᠯᠲᠠ ᠭᠡᠷᠡᠴᠢᠯᠡᠭᠰᠡᠨ ᠨᠢ᠂ ᠦᠬᠡᠷ ᠤᠨ ᠪᠡᠶ᠎ᠡ ᠶᠢᠨ ᠬᠦᠨᠳᠦ ᠠᠮᠢᠳᠤ ᠪᠠᠷ ᠢᠶᠠᠨ 2100kg ᠳᠤ ᠬᠦᠷᠪᠡᠯ ᠡᠳᠦᠷ ᠪᠦᠷᠢ ᠪᠠᠷᠤᠭ 7 ᠮᠧᠭᠠᠵᠦ᠋ᠯ ᠬᠦᠨᠳᠦ ᠨᠡᠮᠡᠭᠳᠡᠬᠦ ᠴᠡᠪᠡᠷ ᠡᠨᠧᠷᠭᠢ ᠬᠡᠷᠡᠭᠰᠡᠨ᠎ᠡ᠂ ᠭᠡᠬᠦ ᠳᠤ ᠬᠦᠨᠳᠦ ᠶᠢᠨ ᠬᠡᠮᠵᠢᠶ᠎ᠡ ᠨᠢ 1kg ᠨᠡᠮᠡᠭᠳᠡᠬᠦ ᠪᠦᠷᠢ 18 ᠮᠧᠭᠠᠵᠦ᠋ᠯ ᠴᠡᠪᠡᠷ ᠡᠨᠧᠷᠭᠢ ᠬᠡᠷᠡᠭᠰᠡᠨ᠎ᠡ᠃ ᠶᠠᠮᠠᠷ ᠴᠤ ᠪᠠᠶᠢᠳᠠᠯ ᠳᠤᠤᠷ᠎ᠠ᠂ ᠶᠡᠭᠡ ᠪᠠᠷ ᠪᠤᠷᠳᠤᠵᠤ ᠲᠠᠷᠭᠤᠯᠠᠭᠤᠯᠪᠠᠯ ᠮᠢᠬᠠᠯᠠᠭᠤᠯᠬᠤ ᠳᠤ ᠰᠢᠭᠤᠳ ᠬᠡᠷᠡᠭᠯᠡᠬᠦ ᠲᠡᠵᠢᠭᠡᠯ ᠪᠤᠷᠳᠤᠭ᠎ᠠ ᠶᠢᠨ ᠬᠤᠷᠤᠭᠳᠠᠯ ᠨᠢ ᠴᠤ ᠠᠳᠠᠯᠢᠬᠠᠨ ᠶᠤᠮ᠃ ᠭᠡᠪᠡᠴᠦ ᠪᠤᠷᠳᠤᠵᠤ ᠲᠠᠷᠭᠤᠯᠠᠭᠤᠯᠬᠤ ᠬᠤᠭᠤᠴᠠᠭ᠎ᠠ ᠶᠢᠨ ᠤᠷᠲᠤᠳᠬᠤ ᠶᠢ ᠳᠠᠭᠠᠯᠳᠤᠨ᠂ ᠠᠮᠢ ᠵᠢᠭᠤᠬᠤ ᠳᠤ ᠬᠡᠷᠡᠭᠰᠡᠬᠦ ᠪᠤᠷᠳᠤᠭᠠᠨ ᠤ ᠬᠤᠷᠤᠭᠳᠠᠯ ᠨᠢ ᠪᠠᠰᠠ ᠶᠡᠭᠡ ᠪᠠᠷ ᠨᠡᠮᠡᠭᠳᠡᠬᠦ ᠪᠤᠯᠤᠨ᠎ᠠ᠃ ᠲᠡᠵᠢᠭᠡᠵᠦ ᠲᠠᠷᠭᠤᠯᠠᠭᠤᠯᠬᠤ ᠬᠤᠭᠤᠴᠠᠭ᠎ᠠ ᠨᠢ ᠭᠡᠳᠦᠢ ᠤᠷᠲᠤ ᠪᠤᠯᠪᠠᠯ ᠦᠢᠯᠡᠳᠪᠦᠷᠢᠯᠡᠯ ᠤᠨ ᠴᠢᠨᠠᠷᠲᠠᠢ ᠪᠤᠰᠤ ᠲᠡᠵᠢᠭᠡᠯ ᠪᠤᠷᠳᠤᠭᠠᠨ ᠤ ᠬᠤᠷᠤᠭᠳᠠᠯ ᠨᠢ ᠲᠡᠳᠦᠢ ᠶᠡᠭᠡ ᠪᠤᠯᠤᠨ᠎ᠠ᠃ ᠡᠶᠢᠮᠦ ᠠᠴᠠ ᠦᠬᠡᠷ ᠤᠨ ᠰᠢᠩᠭᠡᠭᠡᠵᠦ ᠠᠪᠬᠤ ᠶᠢ ᠦᠯᠦ ᠨᠦᠯᠦᠭᠡᠯᠡᠬᠦ ᠤᠷᠢᠳᠠᠯ ᠳᠤᠤᠷ᠎ᠠ᠂ ᠰᠢᠮ᠎ᠡ ᠲᠡᠵᠢᠭᠡᠯᠲᠦ ᠪᠤᠳᠠᠰ ᠢ ᠬᠡᠳᠦᠢ ᠶᠡᠭᠡ ᠦᠭᠪᠡᠯ ᠡᠳᠦᠷ ᠪᠦᠷᠢ ᠶᠢᠨ ᠨᠡᠮᠡᠭᠳᠡᠬᠦ ᠬᠦᠨᠳᠦ ᠶᠢᠨ ᠬᠡᠮᠵᠢᠶ᠎ᠡ ᠨᠢ ᠲᠡᠳᠦᠢ ᠶᠡᠭᠡ ᠪᠤᠯᠤᠨ᠎ᠠ᠂ ᠨᠢᠭᠡᠴᠢ ᠪᠦᠷᠢ ᠶᠢᠨ ᠬᠦᠨᠳᠦ ᠶᠢᠨ ᠬᠡᠮᠵᠢᠶ᠎ᠡ ᠨᠡᠮᠡᠭᠳᠡᠬᠦ ᠳᠤ ᠬᠡᠷᠡᠭᠰᠡᠬᠦ ᠲᠡᠵᠢᠭᠡᠯ ᠪᠤᠷᠳᠤᠭᠠᠨ ᠤ ᠬᠤᠷᠤᠭᠳᠠᠯ ᠨᠢ ᠴᠤ ᠲᠡᠳᠦᠢ ᠪᠠᠭ᠎ᠠ ᠪᠤᠯᠤᠨ᠎ᠠ᠃ ᠦᠬᠡᠷ ᠤᠨ ᠦᠰᠴᠦ ᠪᠤᠶᠢᠵᠢᠬᠤ ᠵᠢᠮ᠎ᠡ ᠶᠤᠰᠤ ᠶᠢ ᠦᠨᠳᠦᠰᠦᠯᠡᠪᠡᠯ᠂ ᠲᠤᠭᠤᠯ ᠢ ᠪᠤᠷᠳᠤᠵᠤ ᠲᠠᠷᠭᠤᠯᠠᠭᠤᠯᠬᠤ ᠠᠩᠬᠠᠨ ᠤ ᠬᠤᠭᠤᠴᠠᠭᠠᠨ ᠳᠤ ᠤᠭᠤᠷᠠᠭᠲᠤ ᠡᠳ᠋ ᠢ ᠭᠦᠢᠴᠡᠳ ᠬᠠᠩᠭᠠᠵᠤ᠂ ᠵᠤᠬᠢᠬᠤ ᠬᠡᠮᠵᠢᠶᠡᠨ ᠤ ᠢᠯᠴᠢ ᠤᠯᠭᠤᠪᠠᠯ ᠵᠤᠬᠢᠨ᠎ᠠ᠃ ᠰᠡᠭᠦᠯᠴᠢ ᠶᠢᠨ ᠦᠶ᠎ᠡ ᠳᠤ ᠢᠯᠴᠢ ᠶᠢ ᠭᠦᠢᠴᠡᠳ ᠬᠠᠩᠭᠠᠬᠤ ᠬᠡᠷᠡᠭᠲᠡᠢ᠃ ᠶᠠᠮᠠᠷ ᠡᠭᠦᠯᠳᠡᠷ ᠤᠨ ᠦᠬᠡᠷ᠂ ᠬᠡᠳᠦᠢ ᠨᠠᠰᠤᠨ ᠤ ᠦᠬᠡᠷ ᠭᠡᠰᠡᠨ ᠴᠤ ᠦᠭᠡᠬᠦ ᠨᠢ ᠬᠤᠷᠠᠮᠳᠤᠭᠠᠳ ᠵᠤᠬᠢᠬᠤ ᠬᠡᠮᠵᠢᠶᠡᠨ ᠳᠤ ᠬᠦᠷᠪᠡᠯ ᠠᠮᠢᠳᠤᠷᠠᠯ ᠤᠨ ᠴᠢᠳᠠᠪᠤᠷᠢ ᠨᠢ ᠪᠠᠭᠤᠷᠠᠵᠤ᠂ ᠢᠳᠡᠬᠦ ᠳᠤᠷᠠᠰᠢᠯ ᠨᠢ ᠪᠠᠭᠠᠰᠴᠤ᠂ ᠲᠡᠵᠢᠭᠡᠯ ᠪᠤᠷᠳᠤᠭ᠎ᠠ ᠶᠢ ᠬᠤᠪᠢᠷᠠᠭᠤᠯᠬᠤ ᠨᠤᠷᠮ᠎ᠠ ᠨᠢ ᠳᠤᠷᠤᠭᠰᠢᠯᠠᠵᠤ᠂ ᠡᠳᠦᠷ ᠲᠤ ᠨᠡᠮᠡᠭᠳᠡᠬᠦ ᠬᠦᠨᠳᠦ ᠶᠢᠨ ᠬᠡᠮᠵᠢᠶ᠎ᠡ ᠨᠢ ᠴᠤ ᠬᠠᠰᠤᠭᠳᠠᠨ᠎ᠠ᠃ ᠡᠶᠢᠮᠦ ᠪᠠᠶᠢᠳᠠᠯ ᠳᠤᠤᠷ᠎ᠠ ᠦᠷᠭᠦᠯᠵᠢᠯᠡᠨ ᠪᠤᠷᠳᠤᠵᠤ ᠲᠠᠷᠭᠤᠯᠠᠭᠤᠯᠪᠠᠯ ᠠᠰᠢᠭ ᠤᠯᠵᠠᠪᠤᠷᠢ ᠦᠭᠡᠢ ᠶᠤᠮ᠃ ᠶᠡᠷᠦᠩᠬᠡᠢ ᠳᠤᠨᠢ ᠠᠪᠴᠤ ᠬᠡᠯᠡᠪᠡᠯ᠂ ᠬᠦᠭᠰᠢᠨ ᠪᠠᠭᠤᠷᠠᠢ ᠦᠬᠡᠷ ᠢ ᠪᠤᠷᠳᠤᠵᠤ ᠲᠠᠷᠭᠤᠯᠠᠭᠤᠯᠬᠤ ᠬᠤᠭᠤᠴᠠᠭ᠎ᠠ ᠨᠢ 3 ᠰᠠᠷ᠎ᠠ ᠠᠴᠠ ᠬᠡᠲᠦᠷᠡᠵᠦ ᠪᠤᠯᠬᠤ ᠦᠭᠡᠢ᠂ ᠲᠠᠷᠭᠤ ᠰᠠᠶᠢᠲᠠᠢ ᠲᠤᠭᠤᠯ ᠪᠢᠷᠠᠭᠤ ᠶᠢ 3 ᠰᠠᠷ᠎ᠠ ᠪᠤᠷᠳᠤᠵᠤ ᠲᠠᠷᠭᠤᠯᠠᠭᠤᠯᠪᠠᠯ ᠪᠤᠯᠴᠢᠬᠠᠨ᠎ᠠ᠃ ᠳᠤᠮᠳᠠ ᠵᠡᠷᠭᠡ ᠪᠤᠶᠤ ᠳᠤᠮᠳᠠ ᠠᠴᠠ ᠳᠡᠭᠡᠭᠰᠢ ᠵᠡᠷᠭᠡ ᠶᠢᠨ ᠲᠠᠷᠭᠤ ᠲᠠᠢ ᠪᠢᠷᠠᠭᠤ ᠲᠤᠭᠤᠯ ᠢ 3~5 ᠰᠠᠷ᠎ᠠ ᠪᠤᠷᠳᠤᠵᠤ ᠲᠠᠷᠭᠤᠯᠠᠭᠤᠯᠪᠠᠯ ᠵᠤᠬᠢᠨ᠎ᠠ᠂ ᠲᠠᠷᠭᠤ ᠪᠠᠷ ᠪᠠᠷᠤᠭᠲᠠᠢ ᠲᠤᠭᠤᠯ ᠪᠢᠷᠠᠭᠤ ᠶᠢ ᠤᠷᠢᠳ ᠢᠶᠠᠷ ᠨᠢᠭᠡ ᠬᠤᠭᠤᠴᠠᠭ᠎ᠠ ᠲᠡᠵᠢᠭᠡᠵᠦ ᠪᠠᠶᠢᠭᠠᠳ ᠪᠤᠷᠳᠤᠬᠤ ᠬᠡᠷᠡᠭᠲᠡᠢ᠂ ᠲᠡᠭᠡᠬᠦ ᠦᠭᠡᠢ ᠪᠤᠯ ᠡᠴᠡᠩᠬᠡᠢ ᠦᠬᠡᠷ ᠢ ᠪᠤᠷᠳᠤᠵᠤ ᠲᠠᠷᠭᠤᠯᠠᠭᠤᠯᠬᠤ ᠬᠤᠭᠤᠴᠠᠭᠠᠨ ᠳᠤ ᠳᠡᠩᠳᠡᠭᠦᠦ ᠶᠡᠭᠡ ᠪᠤᠷᠳᠤᠪᠠᠯ ᠬᠡᠲᠦᠷᠬᠡᠢ ᠲᠠᠷᠭᠤᠯᠠᠭᠠᠳ ᠪᠤᠯᠴᠢᠩ ᠮᠢᠬ᠎ᠠ ᠶᠢᠨ ᠦᠰᠦᠯᠲᠡ ᠨᠢ ᠤᠳᠠᠭᠠᠰᠢᠷᠠᠵᠤ᠂ ᠪᠦᠬᠦ ᠪᠡᠶ᠎ᠡ ᠨᠢ ᠳᠡᠩᠳᠡᠭᠦᠦ ᠦᠬᠡᠭᠦᠯᠡᠵᠦ᠂ ᠮᠢᠬᠠᠨ ᠤ ᠴᠢᠨᠠᠷ ᠢ ᠮᠠᠭᠤᠳᠠᠭᠤᠯᠤᠨ᠎ᠠ᠃ ᠦᠬᠡᠷ ᠤᠨ ᠬᠦᠢᠰᠦ ᠶᠢᠨ ᠢᠯᠭᠠᠯ ᠨᠢ ᠪᠤᠷᠳᠤᠵᠤ ᠲᠠᠷᠭᠤᠯᠠᠭᠤᠯᠬᠤ ᠦᠷ᠎ᠡ ᠪᠦᠲᠦᠮᠵᠢ ᠶᠢ ᠨᠦᠯᠦᠭᠡᠯᠡᠨ᠎ᠡ᠃ ᠤᠶᠠᠵᠤ ᠲᠡᠵᠢᠭᠡᠪᠡᠯ᠂ ᠡᠷ᠎ᠡ ᠲᠤᠭᠤᠯ ᠤᠨ ᠪᠡᠶ᠎ᠡ ᠶᠢᠨ ᠬᠦᠨᠳᠦ ᠨᠡᠮᠡᠭᠳᠡᠬᠦ ᠨᠢ ᠬᠠᠮᠤᠭ ᠲᠦᠷᠭᠡᠨ ᠪᠦᠭᠡᠳ ᠮᠢᠬᠠᠨ ᠤ ᠴᠢᠨᠠᠷ ᠨᠢ ᠴᠤ ᠬᠠᠮᠤᠭ ᠰᠠᠶᠢᠨ ᠪᠠᠶᠢᠳᠠᠭ᠃ ᠰᠤᠯᠠ ᠲᠠᠯᠪᠢᠭᠠᠳ ᠲᠡᠵᠢᠭᠡᠪᠡᠯ ᠡᠷ᠎ᠡ ᠲᠤᠭᠤᠯ ᠤᠨ ᠭᠦᠶᠦᠵᠦ ᠲᠤᠭᠯᠠᠬᠤ ᠨᠢ ᠤᠯᠠᠨ ᠪᠤᠯᠬᠤᠷ ᠪᠡᠶ᠎ᠡ ᠶᠢᠨ ᠡᠨᠧᠷᠭᠢ ᠨᠢ ᠳᠡᠩᠳᠡᠭᠦᠦ ᠶᠡᠭᠡ ᠬᠤᠷᠤᠭᠳᠠᠵᠤ᠂ ᠪᠡᠶ᠎ᠡ ᠶᠢᠨ ᠬᠦᠨᠳᠦ ᠨᠡᠮᠡᠭᠳᠡᠬᠦ ᠬᠡᠮᠵᠢᠶ᠎ᠡ ᠪᠠ ᠲᠡᠵᠢᠭᠡᠯ ᠪᠤᠷᠳᠤᠭ᠎ᠠ ᠶᠢᠨ ᠤᠶᠢᠯᠡᠳᠦᠯ ᠨᠢ ᠪᠠᠭᠠᠰᠳᠠᠭ᠃ ᠪᠤᠷᠳᠤᠵᠤ ᠲᠠᠷᠭᠤᠯᠠᠭᠤᠯᠤᠭᠰᠠᠨ ᠦᠨᠢᠶ᠎ᠡ ᠪᠤᠯᠤᠨ ᠡᠷ᠎ᠡ ᠦᠬᠡᠷ ᠤᠨ ᠦᠭᠡᠬᠦ ᠨᠢ ᠠᠷᠪᠢᠨ᠂ ᠮᠢᠬ᠎ᠠ ᠨᠢ ᠵᠦᠭᠡᠯᠡᠨ ᠪᠠᠶᠢᠳᠠᠭ ᠪᠤᠯᠪᠠᠴᠤ ᠵᠠᠷᠤᠴᠠᠭᠤᠯᠬᠤ ᠲᠡᠵᠢᠭᠡᠯ ᠪᠤᠷᠳᠤᠭ᠎ᠠ ᠨᠢ ᠨᠡᠯᠢᠶᠡᠳ ᠶᠡᠭᠡ ᠪᠠᠶᠢᠳᠠᠭ᠃ ᠮᠢᠬᠠᠨ ᠦᠬᠡᠷ ᠢ ᠮᠠᠯᠵᠢᠬᠤ ᠤᠯᠠᠮᠵᠢᠯᠠᠯᠲᠤ ᠠᠷᠭ᠎ᠠ ᠶᠢ ᠦᠨᠳᠦᠰᠦᠯᠡᠪᠡᠯ᠂ ᠠᠷᠠᠴᠢᠯᠠᠵᠤ ᠬᠠᠮᠢᠶᠠᠷᠬᠤ ᠳᠤ ᠳᠦᠭᠦᠮ ᠪᠤᠯᠭᠠᠬᠤ ᠪᠠ ᠮᠢᠬ᠎ᠠ ᠶᠢ ᠨᠢ ᠴᠢᠨᠠᠷ ᠰᠠᠶᠢᠲᠠᠢ ᠪᠤᠯᠭᠠᠬᠤ ᠶᠢᠨ ᠲᠤᠯᠠᠳᠠ ᠶᠡᠷᠦᠩᠬᠡᠢ ᠳᠡᠭᠡᠨ ᠪᠦᠷ ᠪᠤᠬᠠᠨ ᠤ ᠰᠢᠨᠵᠢ ᠤᠷᠤᠭᠰᠠᠨ ᠬᠤᠶᠢᠨ᠎ᠠ ᠪᠤᠷᠳᠤᠵᠤ ᠲᠠᠷᠭᠤᠯᠠᠭᠤᠯᠳᠠᠭ᠃ ᠭᠡᠪᠡᠴᠦ ᠤᠶᠢᠷ᠎ᠠ ᠶᠢᠨ ᠵᠢᠯ ᠤᠳ ᠲᠤ ᠡᠸᠦ᠋ᠷᠤᠫᠠ ᠲᠢᠪ ᠤᠨ ᠤᠯᠠᠩᠬᠢ ᠤᠯᠤᠰ ᠪᠦᠷ ᠪᠤᠬ᠎ᠠ ᠶᠢ ᠰᠢᠭᠤᠳ ᠪᠤᠷᠳᠤᠵᠤ ᠲᠠᠷᠭᠤᠯᠠᠭᠤᠯᠤᠭᠠᠳ ᠶᠡᠭᠡ ᠬᠡᠮᠵᠢᠶᠡᠨ ᠤ ᠴᠢᠨᠠᠷ ᠰᠠᠶᠢᠲᠠᠢ ᠮᠢᠬ᠎ᠠ ᠦᠢᠯᠡᠳᠪᠦᠷᠢᠯᠡᠬᠦ ᠬᠠᠨᠳᠤᠰᠢ ᠲᠠᠢ ᠪᠤᠯᠵᠤ ᠪᠠᠶᠢᠨ᠎ᠠ᠃ ᠪᠤᠬ᠎ᠠ ᠶᠢᠨ ᠦᠰᠬᠦ ᠬᠤᠷᠳᠤᠴᠠ ᠪᠠ ᠲᠡᠵᠢᠭᠡᠯ ᠪᠤᠷᠳᠤᠭ᠎ᠠ ᠠᠰᠢᠭᠯᠠᠬᠤ ᠨᠤᠷᠮ᠎ᠠ ᠨᠢ ᠡᠷ᠎ᠡ ᠦᠬᠡᠷ ᠤᠨ ᠬᠢ ᠠᠴᠠ ᠮᠡᠳᠡᠭᠳᠡᠮ᠎ᠡ ᠢᠯᠡᠭᠦᠦ ᠪᠠᠶᠢᠳᠠᠭ ᠪᠦᠭᠡᠳ ᠪᠦᠬᠦ ᠪᠡᠶ᠎ᠡ ᠶᠢᠨ ᠬᠠᠷ᠎ᠠ ᠮᠢᠬ᠎ᠠ ᠨᠢ ᠠᠷᠪᠢᠨ᠂ ᠦᠭᠡᠬᠦ ᠨᠢ ᠴᠤ ᠪᠠᠭ᠎ᠠ ᠪᠠᠶᠢᠳᠠᠭ᠃ ᠳᠠᠬᠢᠪᠠᠯ ᠦᠬᠡᠷ ᠤᠨ ᠡᠭᠦᠯᠳᠡᠷ᠂ ᠲᠡᠵᠢᠭᠡᠵᠦ ᠠᠷᠠᠴᠢᠯᠠᠬᠤ ᠠᠵᠢᠯ ᠤᠨ ᠰᠢᠨᠵᠢᠯᠡᠬᠦ ᠤᠬᠠᠭᠠᠨᠴᠢᠯᠠᠯᠲᠠ ᠶᠢᠨ ᠬᠡᠮᠵᠢᠶ᠎ᠡ ᠵᠡᠷᠭᠡ ᠨᠢ ᠪᠠᠰᠠ ᠪᠤᠷᠳᠤᠵᠤ ᠲᠠᠷᠭᠤᠯᠠᠭᠤᠯᠬᠤ ᠦᠷ᠎ᠡ ᠪᠦᠲᠦᠮᠵᠢ ᠶᠢ ᠲᠤᠭᠲᠠᠭᠠᠬᠤ ᠴᠢᠬᠤᠯᠠ ᠨᠦᠭᠦᠴᠡᠯ ᠪᠤᠯᠳᠠᠭ᠃ ︵ᠢᠷᠡᠯᠲᠡ᠄ ᠰᠤᠳᠤᠭᠡᠷᠡᠯ᠂ ᠪᠠᠪᠤᠯᠠᠢ᠂ ᠬᠦᠭᠵᠢᠯᠲᠦ ᠶᠢᠨ ᠨᠠᠶᠢᠷᠠᠭᠤᠯᠤᠨ ᠵᠤᠬᠢᠶᠠᠭᠰᠠᠨ ︽ᠮᠠᠯ ᠤᠨ ᠲᠡᠵᠢᠭᠡᠯᠭᠡ ᠪᠤᠷᠳᠤᠯᠭ᠎ᠠ ᠪᠠ ᠠᠰᠢᠭ ᠰᠢᠮ᠎ᠡ ᠶᠢᠨ ᠪᠤᠯᠪᠠᠰᠤᠷᠠᠭᠤᠯᠭ᠎ᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶    ᠢᠷᠡᠯᠲᠡ᠄ ︽ᠮᠠᠯ ᠤᠨ ᠲᠡᠵᠢᠭᠡᠯᠭᠡ ᠪᠤᠷᠳᠤᠯᠭ᠎ᠠ ᠪᠠ ᠠᠰᠢᠭ ᠰᠢᠮ᠎ᠡ ᠶᠢᠨ ᠪᠤᠯᠪᠠᠰᠤᠷᠠᠭᠤᠯᠭ᠎ᠠ︾
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号