ᠮᠢᠬᠠᠨ ᠢᠮᠠᠭ᠎ᠠ ᠶᠢ ᠲᠡᠵᠢᠭᠡᠨ ᠲᠠᠷᠭᠤᠯᠠᠭᠤᠯᠬᠤ ᠠᠷᠭ᠎ᠠ ︵ᠬᠤᠶᠠᠷ︶
ᠨᠡᠶᠢᠲᠡᠯᠡᠭᠰᠡᠨ ᠴᠠᠭ᠄
2020/6/30
   ᠢᠮᠠᠭᠠᠨ ᠰᠦᠷᠦᠭ ᠤᠨ ᠳᠦᠷᠪᠡᠨ ᠤᠯᠠᠷᠢᠯ ᠤᠨ ᠬᠠᠷᠢᠭᠤᠯᠭ᠎ᠠ ᠮᠠᠯᠯᠠᠭ᠎ᠠ 1. ᠬᠠᠪᠤᠷ ᠤᠨ ᠤᠯᠠᠷᠢᠯ ᠤᠨ ᠬᠠᠷᠢᠭᠤᠯᠭ᠎ᠠ᠄ ᠬᠠᠪᠤᠷ ᠤᠨ ᠤᠯᠠᠷᠢᠯ ᠳᠤ ᠡᠪᠡᠰᠦ ᠤᠷᠭᠤᠮᠠᠯ ᠬᠠᠬᠢᠷ ᠬᠤᠪᠠᠭ᠋ᠠᠢ᠂ ᠠᠭᠤᠷ ᠠᠮᠢᠰᠬᠤᠯ ᠤᠨ ᠬᠤᠪᠢᠷᠠᠯᠲᠠ ᠶᠡᠭᠡ᠂ ᠭᠠᠮᠰᠢᠭ ᠵᠤᠳ ᠤᠯᠠᠨ᠂ ᠢᠮᠠᠭᠠᠨ ᠰᠦᠷᠦᠭ ᠤᠨ ᠲᠠᠮᠢᠷ ᠬᠦᠴᠦ ᠨᠡᠶᠢᠳᠡᠮ ᠰᠤᠯᠠ ᠳᠤᠷᠤᠢ ᠪᠠᠶᠢᠳᠠᠭ ᠪᠤᠯᠬᠤᠷ ᠡᠨᠡ ᠦᠶ᠎ᠡ ᠳᠤ ᠠᠷᠠᠴᠢᠯᠠᠭ᠎ᠠ ᠮᠠᠯᠯᠠᠭ᠎ᠠ ᠪᠠᠨ ᠴᠢᠩᠭᠠᠳᠬᠠᠵᠤ᠂ ᠡᠪᠡᠰᠦ ᠪᠤᠷᠳᠤᠭ᠎ᠠ ᠪᠠᠷ ᠨᠦᠬᠦᠪᠦᠷᠢᠯᠡᠨ ᠲᠡᠵᠢᠭᠡᠬᠦ ᠬᠡᠷᠡᠭᠲᠡᠢ᠃ ᠢᠯᠠᠩᠭᠤᠶ᠎ᠠ ᠭᠠᠵᠠᠷ ᠭᠡᠰᠴᠦ ᠰᠢᠨ᠎ᠡ ᠨᠤᠭᠤᠭ᠎ᠠ ᠪᠤᠯᠲᠠᠶᠢᠵᠤ ᠭᠠᠷᠬᠤ ᠦᠶ᠎ᠡ ᠳᠤ ᠢᠮᠠᠭᠠᠳ ᠰᠢᠨ᠎ᠡ ᠨᠤᠭᠤᠭ᠎ᠠ ᠶᠢ ᠡᠷᠢᠨ ᠵᠦᠭ ᠴᠢᠭ ᠦᠭᠡᠢ ᠭᠦᠶᠦᠯᠳᠦᠵᠦ᠂ ᠰᠢᠨ᠎ᠡ ᠨᠤᠭᠤᠭ᠎ᠠ ᠶᠢ ᠤᠯᠵᠤ ᠢᠳᠡᠬᠦ ᠦᠭᠡᠢ ᠮᠦᠷᠲᠡᠬᠡᠨ ᠬᠠᠷᠢᠨ ᠬᠦᠴᠦ ᠲᠠᠮᠢᠷ ᠢᠶᠠᠨ ᠪᠠᠷᠠᠵᠤ ᠡᠴᠡᠵᠦ ᠮᠠᠭᠤᠳᠠᠬᠤ ᠦᠵᠡᠭᠳᠡᠯ ᠭᠠᠷᠳᠠᠭ᠃ ᠡᠶᠢᠮᠦ ᠠᠴᠠ ᠬᠠᠪᠤᠷ ᠤᠨ ᠤᠯᠠᠷᠢᠯ ᠳᠤ ᠢᠮᠠᠭ᠎ᠠ ᠬᠠᠷᠢᠭᠤᠯᠬᠤ ᠳᠤ ᠨᠢᠭᠡ ᠳᠤ ᠶᠠᠪᠤᠬᠤ ᠶᠢ ᠨᠢ ᠬᠤᠷᠢᠭᠯᠠᠵᠤ ᠲᠦᠪᠯᠡᠷᠡᠩᠭᠦᠢ ᠰᠢᠭ ᠬᠠᠷᠢᠭᠤᠯᠪᠠᠯ ᠵᠤᠬᠢᠨ᠎ᠠ᠃ ᠬᠤᠶᠠᠷ ᠲᠤ ᠠᠭᠤᠯᠠᠷᠬᠠᠭ ᠭᠠᠵᠠᠷ ᠤᠨ ᠬᠢᠨ ᠤᠷᠢᠳ ᠢᠶᠠᠷ ᠠᠭᠤᠯᠠᠨ ᠠᠷᠤ ᠶᠢᠨ ᠪᠡᠯᠴᠢᠭᠡᠷ ᠲᠤ ᠬᠠᠷᠢᠭᠤᠯᠵᠤ ᠰᠡᠭᠦᠯᠡᠷ ᠨᠢ ᠠᠭᠤᠯᠠᠨ ᠡᠩᠭᠡᠷ ᠤᠨ ᠪᠡᠯᠴᠢᠭᠡᠷ ᠲᠤ ᠬᠠᠷᠢᠭᠤᠯᠬᠤ᠂ ᠲᠡᠯ᠎ᠠ ᠭᠠᠵᠠᠷ ᠤᠨ ᠬᠢᠨ ᠤᠷᠢᠳ ᠢᠶᠠᠷ ᠬᠤᠪᠠᠭ᠋ᠠᠢ ᠡᠪᠡᠰᠦ ᠡᠯᠪᠡᠭ ᠪᠡᠯᠴᠢᠭᠡᠷ ᠲᠤ ᠬᠠᠷᠢᠭᠤᠯᠵᠤ ᠰᠡᠭᠦᠯᠡᠷ ᠨᠢ ᠰᠢᠨ᠎ᠡ ᠨᠤᠭᠤᠭ᠎ᠠ ᠤᠷᠭᠤᠭᠰᠠᠨ ᠪᠡᠯᠴᠢᠭᠡᠷ ᠲᠤ ᠬᠠᠷᠢᠭᠤᠯᠬᠤ ᠵᠠᠷᠴᠢᠮ ᠢᠶᠠᠷ ᠢᠮᠠᠭ᠎ᠠ ᠪᠠᠨ ᠠᠭᠠᠵᠢᠮ ᠪᠦᠭᠡᠳ ᠲᠤᠭᠲᠠᠭᠤᠨ ᠢᠶᠠᠷ ᠬᠠᠷᠢᠭᠤᠯᠪᠠᠯ ᠵᠤᠬᠢᠨ᠎ᠠ᠃ ᠭᠤᠷᠪᠠ ᠳᠤ ᠬᠠᠪᠤᠷ ᠤᠨ ᠤᠯᠠᠷᠢᠯ ᠳᠤ ᠢᠮᠠᠭ᠎ᠠ ᠪᠠᠨ ᠪᠡᠯᠴᠢᠭᠡᠬᠦ ᠠᠴᠠ ᠡᠮᠦᠨ᠎ᠡ ᠪᠠᠭ᠎ᠠ ᠰᠠᠭ᠎ᠠ ᠬᠠᠭᠤᠷᠠᠢ ᠡᠪᠡᠰᠦ ᠬᠠᠶᠠᠨ ᠦᠭᠴᠦ ᠢᠳᠡᠭᠦᠯᠦᠭᠰᠡᠨ ᠤ ᠳᠠᠷᠠᠭ᠎ᠠ ᠰᠠᠯᠬᠢ ᠡᠰᠡᠷᠭᠦ ᠵᠦᠭ ᠪᠡᠯᠴᠢᠭᠡᠭᠡᠳ ᠤᠷᠤᠢ ᠳᠠᠭᠠᠨ ᠰᠠᠯᠬᠢ ᠳᠠᠭᠠᠭᠤᠯᠤᠨ ᠬᠤᠷᠢᠶᠠᠵᠤ ᠠᠪᠴᠢᠷᠠᠪᠠᠯ ᠰᠠᠶᠢᠨ ᠪᠠᠶᠢᠳᠠᠭ᠃ 2. ᠵᠤᠨ ᠤ ᠤᠯᠠᠷᠢᠯ ᠤᠨ ᠬᠠᠷᠢᠭᠤᠯᠭ᠎ᠠ᠄ ᠵᠤᠨ ᠤ ᠤᠯᠠᠷᠢᠯ ᠤᠨ ᠡᠳᠦᠷ ᠤᠷᠲᠤ᠂ ᠠᠭᠤᠷ ᠠᠮᠢᠰᠬᠤᠯ ᠤᠷᠢ ᠳᠤᠯᠠᠭᠠᠨ᠂ ᠬᠤᠷ᠎ᠠ ᠪᠤᠷᠤᠭᠠᠨ ᠠᠷᠪᠢᠨ᠂ ᠡᠪᠡᠰᠦ ᠤᠷᠭᠤᠮᠠᠯ ᠤᠰᠤᠯᠢᠭ ᠨᠤᠭᠤᠭᠠᠨ ᠲᠤᠯᠠ ᠢᠮᠠᠭᠠᠨ ᠳᠤ ᠲᠠᠷᠭᠤ ᠠᠪᠤᠭᠤᠯᠬᠤ ᠨᠢ ᠡᠨᠡ ᠦᠶ᠎ᠡ ᠶᠢᠨ ᠭᠤᠤᠯ ᠠᠵᠢᠯ ᠪᠤᠯᠤᠨ᠎ᠠ᠃ ᠡᠨᠡ ᠦᠶ᠎ᠡ ᠳᠤ ᠢᠮᠠᠭ᠎ᠠ ᠪᠠᠨ ᠨᠤᠤᠰᠤᠯᠠᠬᠤ᠂ ᠡᠮᠲᠦ ᠤᠰᠤ ᠪᠠᠷ ᠤᠭᠢᠶᠠᠬᠤ ᠂ ᠡᠮ ᠴᠢᠳᠬᠤᠬᠤ ᠵᠡᠷᠭᠡ ᠠᠵᠢᠯ ᠢ ᠲᠤᠬᠢᠷᠠᠮᠵᠢᠲᠠᠢ ᠴᠠᠭ ᠲᠤᠨᠢ ᠭᠦᠢᠴᠡᠳᠬᠡᠵᠦ᠂ ᠳᠤᠲᠤᠷ᠎ᠠ ᠭᠠᠳᠠᠷ ᠬᠤᠷᠤᠬᠠᠢ ᠶᠢ ᠨᠢ ᠬᠦᠭᠡᠭᠡᠵᠦ ᠠᠷᠢᠯᠭᠠᠨ ᠲᠤᠰᠤᠨ ᠲᠠᠷᠭᠤ ᠭᠦᠢᠴᠡᠳ ᠠᠪᠬᠤ ᠳᠤ ᠨᠦᠭᠦᠴᠡᠯ ᠪᠦᠷᠢᠯᠳᠦᠭᠦᠯᠵᠦ ᠦᠭᠪᠡᠯ ᠵᠤᠬᠢᠨ᠎ᠡ᠃ ᠵᠤᠨ ᠤ ᠤᠯᠠᠷᠢᠯ ᠳᠤ ᠢᠮᠠᠭ᠎ᠠ ᠶᠢ ᠦᠨᠳᠦᠷᠯᠢᠭ ᠰᠡᠷᠢᠭᠦᠨ᠂ ᠢᠯᠠᠭ᠎ᠠ ᠪᠠᠲᠠᠭᠠᠨ᠎ᠠ ᠪᠠᠭ᠎ᠠ ᠪᠡᠯᠴᠢᠭᠡᠷ ᠲᠤ ᠡᠷᠲᠡ ᠪᠡᠯᠴᠢᠭᠡᠨ ᠤᠷᠤᠢ ᠬᠤᠲᠠᠯᠠᠬᠤ ᠠᠷᠭ᠎ᠠ ᠪᠠᠷ ᠬᠠᠷᠢᠭᠤᠯᠵᠤ᠂ ᠦᠳᠡ ᠶᠢᠨ ᠭᠤᠤᠯ ᠳᠤ ᠰᠡᠭᠦᠳᠡᠷ ᠲᠠᠢ ᠭᠠᠵᠠᠷ ᠪᠤᠶᠤ ᠦᠨᠳᠦᠷᠯᠢᠭ ᠰᠡᠷᠢᠭᠦᠨ ᠭᠠᠵᠠᠷ ᠲᠤ ᠬᠡᠪᠲᠡᠭᠦᠯᠵᠦ ᠠᠮᠠᠷᠠᠭᠤᠯᠪᠠᠯ ᠰᠠᠶᠢᠨ ᠪᠠᠶᠢᠳᠠᠭ᠃ ᠬᠠᠯᠠᠭᠤᠨ ᠡᠳᠦᠷ ᠦᠳᠡ ᠶᠢᠨ ᠡᠮᠦᠨ᠎ᠡ ᠨᠠᠷᠠᠯᠢᠭ ᠪᠡᠯᠴᠢᠭᠡᠷ ᠲᠤ ᠰᠠᠯᠬᠢ ᠳᠠᠭᠠᠭᠤᠯᠤᠨ ᠢᠳᠡᠷᠰᠢᠭᠦᠯᠵᠦ᠂ ᠦᠳᠡ ᠶᠢᠨ ᠬᠤᠶᠢᠨ᠎ᠠ ᠰᠡᠭᠦᠳᠡᠷᠯᠢᠭ ᠪᠤᠶᠤ ᠰᠠᠯᠬᠢ ᠲᠠᠢ ᠪᠡᠯᠴᠢᠭᠡᠷ ᠲᠤ ᠰᠠᠯᠬᠢ ᠰᠦᠷᠦᠭᠦᠯᠦᠨ ᠬᠠᠷᠢᠭᠤᠯᠪᠠᠯ ᠪᠦᠭᠡᠮᠨᠡᠷᠡᠵᠦ ᠵᠤᠭᠰᠤᠬᠤ ᠶᠢ ᠰᠡᠷᠭᠡᠶᠢᠯᠡᠵᠦ ᠴᠢᠳᠠᠨ᠎ᠠ᠃ ᠡᠭᠦᠨ ᠠᠴᠠ ᠭᠠᠳᠠᠨ᠎ᠠ ᠢᠮᠠᠭ᠎ᠠ ᠶᠢ ᠡᠳᠦᠷ ᠲᠤ 1~2 ᠤᠳᠠᠭ᠎ᠠ ᠬᠤᠳᠳᠤᠭ ᠤᠨ ᠤᠰᠤ ᠪᠤᠶᠤ ᠤᠷᠤᠰᠤᠮᠠᠯ ᠪᠤᠯᠠᠭ ᠤᠨ ᠤᠰᠤ ᠪᠠᠷ ᠤᠰᠤᠯᠠᠬᠤ ᠶᠢ ᠴᠢᠩᠭ᠎ᠠ ᠪᠠᠷᠢᠮᠲᠠᠯᠠᠵᠤ᠂ ᠲᠤᠭᠲᠠᠮᠠᠯ ᠬᠤᠭᠤᠴᠠᠭ᠎ᠠ ᠲᠠᠢ ᠪᠠᠷ ᠬᠤᠵᠢᠷ ᠳᠠᠪᠤᠰᠤ ᠦᠭᠴᠦ ᠳᠤᠯᠢᠶᠠᠯᠭᠠᠬᠤ ᠶᠢ ᠤᠮᠳᠤᠭᠠᠶᠢᠯᠠᠵᠤ ᠪᠤᠯᠬᠤ ᠦᠭᠡᠢ᠃ ᠤᠷᠤᠢ ᠳᠠᠭᠠᠨ ᠦᠨᠳᠦᠷᠯᠢᠭ ᠰᠡᠷᠢᠭᠦᠨ᠂ ᠰᠠᠯᠬᠢ ᠲᠠᠢ ᠭᠠᠵᠠᠷ ᠵᠠᠳᠠᠭᠠᠢ ᠬᠡᠪᠲᠡᠷᠢᠯᠡᠭᠦᠯᠬᠦ ᠪᠤᠶᠤ ᠠᠭᠤᠵᠢᠮ ᠬᠠᠰᠢᠶᠠᠨ ᠳᠤ ᠲᠠᠷᠠᠤᠬᠠᠨ ᠬᠡᠪᠲᠡᠷᠢᠯᠡᠭᠦᠯᠬᠦ ᠳᠡᠭᠡᠨ ᠬᠡᠪᠲᠡᠷᠢ ᠶᠢ ᠨᠢ ᠡᠳᠦᠷ ᠪᠦᠷᠢ ᠱᠦᠭᠦᠷᠳᠡᠵᠦ᠂ ᠬᠡᠵᠢᠶᠡᠳᠡ ᠠᠷᠢᠭᠤᠨ ᠴᠡᠪᠡᠷ ᠪᠠᠶᠢᠯᠭᠠᠬᠤ ᠬᠡᠷᠡᠭᠲᠡᠢ᠃ ᠨᠦᠭᠦᠴᠡᠯ ᠲᠠᠢ ᠭᠠᠵᠠᠷ ᠨᠢ ᠤᠷᠤᠢ ᠢᠮᠠᠭ᠎ᠠ ᠪᠠᠨ ᠬᠤᠷᠢᠶᠠᠵᠤ ᠠᠪᠴᠢᠷᠠᠭᠰᠠᠨ ᠤ ᠳᠠᠷᠠᠭ᠎ᠠ ᠤᠶᠢᠷ᠎ᠠ ᠵᠠᠭᠤᠷ᠎ᠠ ᠰᠡᠷᠢᠭᠦᠴᠡᠭᠦᠯᠦᠨ ᠶᠠᠪᠤᠭᠤᠯᠤᠭᠠᠳ ᠬᠠᠷᠠᠩᠭᠤᠢ ᠪᠤᠯᠬᠤ ᠦᠶ᠎ᠡ ᠳᠤ ᠬᠡᠪᠲᠡᠷᠢᠯᠡᠭᠦᠯᠪᠡᠯ ᠲᠠᠷᠭᠤ ᠠᠪᠬᠤ ᠳᠤ ᠠᠰᠢᠭᠲᠠᠢ ᠪᠠᠶᠢᠳᠠᠭ᠃ 3. ᠨᠠᠮᠤᠷ ᠤᠨ ᠤᠯᠠᠷᠢᠯ ᠤᠨ ᠬᠠᠷᠢᠭᠤᠯᠭ᠎ᠠ᠄ ᠨᠠᠮᠤᠷ ᠪᠤᠯᠪᠠᠯ ᠠᠭᠤᠷ ᠠᠮᠢᠰᠬᠤᠯ ᠰᠡᠷᠢᠭᠦᠨ ᠪᠤᠯᠵᠤ᠂ ᠡᠪᠡᠰᠦ ᠤᠷᠭᠤᠮᠠᠯ ᠳᠤ ᠦᠷ᠎ᠡ ᠰᠠᠭᠤᠵᠤ᠂ ᠬᠠᠭᠤᠷᠠᠢ ᠪᠤᠳᠠᠰ ᠪᠠ ᠰᠢᠮ᠎ᠡ ᠲᠡᠵᠢᠭᠡᠯ ᠨᠢ ᠨᠡᠮᠡᠭᠳᠡᠳᠡᠭ ᠪᠤᠯᠬᠤᠷ ᠮᠢᠬᠠᠨ ᠢᠮᠠᠭ᠎ᠠ ᠶᠢ ᠲᠠᠷᠭᠤᠯᠠᠭᠤᠯᠵᠤ ᠮᠢᠬᠠᠯᠠᠭᠤᠯᠬᠤ ᠬᠠᠮᠤᠭ ᠤᠨ ᠰᠠᠶᠢᠨ ᠴᠠᠭ ᠦᠶ᠎ᠡ ᠪᠤᠯᠤᠨ᠎ᠠ᠃ ᠡᠶᠢᠮᠦ ᠠᠴᠠ ᠨᠠᠮᠤᠷ ᠤᠨ ᠤᠯᠠᠷᠢᠯ ᠳᠤ ᠭᠤᠤᠯ ᠬᠦᠴᠦ ᠪᠠᠨ ᠲᠠᠷᠭᠤ ᠠᠪᠤᠭᠤᠯᠬᠤ ᠳᠡᠭᠡᠷ᠎ᠡ ᠲᠠᠯᠪᠢᠵᠤ᠂ ᠠᠯᠢ ᠴᠢᠳᠠᠬᠤ ᠪᠠᠷ ᠡᠷᠲᠡ ᠪᠡᠯᠴᠢᠭᠡᠨ ᠤᠷᠤᠢ ᠬᠤᠲᠠᠯᠠᠵᠤ᠂ ᠢᠳᠡᠰᠢᠯᠡᠭᠦᠯᠬᠦ ᠴᠠᠭ ᠢ ᠤᠷᠲᠤᠳᠬᠠᠨ ᠲᠤᠭᠲᠠᠭᠤᠨ ᠲᠦᠯᠭᠡᠨ ᠬᠠᠷᠢᠭᠤᠯᠪᠠᠯ ᠵᠤᠬᠢᠨ᠎ᠠ᠃ ᠲᠡᠭᠡᠬᠦ ᠳᠡᠭᠡᠨ ᠦᠳᠡ ᠶᠢᠨ ᠡᠮᠦᠨ᠎ᠡ ᠤᠷᠢᠳᠤ ᠨᠢ ᠪᠡᠯᠴᠢᠭᠡᠭᠰᠡᠨ ᠪᠡᠯᠴᠢᠭᠡᠷ ᠲᠤ ᠬᠠᠷᠢᠭᠤᠯᠵᠤ᠂ ᠦᠳᠡ ᠶᠢᠨ ᠬᠤᠶᠢᠨ᠎ᠠ ᠰᠢᠨ᠎ᠡ ᠪᠡᠯᠴᠢᠭᠡᠷ ᠲᠤ ᠬᠠᠷᠢᠭᠤᠯᠬᠤ ᠶᠤᠮ ᠤᠤ᠂ ᠡᠰᠡᠭᠦᠯ᠎ᠡ ᠲᠠᠷᠢᠮᠠᠯ ᠤᠨ ᠭᠤᠤᠷᠰᠤᠨ ᠳᠤ ᠤᠷᠤᠭᠤᠯᠵᠤ ᠢᠳᠡᠰᠢᠯᠡᠭᠦᠯᠪᠡᠯ ᠨᠡᠩ ᠰᠠᠶᠢᠨ ᠪᠠᠶᠢᠳᠠᠭ᠃ ᠨᠠᠮᠤᠷ ᠤᠨ ᠤᠯᠠᠷᠢᠯ ᠳᠤ ᠢᠮᠠᠭ᠎ᠠ ᠶᠢ ᠠᠯᠢ ᠴᠢᠳᠠᠬᠤ ᠳᠤ ᠲᠠᠭᠠᠨ᠎ᠠ ᠮᠠᠩᠭᠢᠷ ᠲᠠᠢ᠂ ᠡᠪᠡᠰᠦᠨ ᠤ ᠲᠦᠷᠦᠯ ᠵᠦᠢᠯ ᠨᠢ ᠤᠯᠠᠨ ᠪᠦᠭᠡᠳ ᠤᠷᠭᠤᠴᠠ ᠰᠠᠶᠢᠲᠠᠢ ᠪᠡᠯᠴᠢᠭᠡᠷ ᠲᠤ ᠬᠠᠷᠢᠭᠤᠯᠵᠤ᠂ ᠡᠳᠦᠷ ᠲᠤ 1~2 ᠤᠳᠠᠭ᠎ᠠ ᠤᠰᠤᠯᠠᠬᠤ ᠪᠠ ᠭᠠᠷᠠᠭ ᠪᠦᠷᠢ 1 ᠤᠳᠠᠭ᠎ᠠ ᠬᠤᠵᠢᠷ ᠳᠠᠪᠤᠰᠤ ᠢᠳᠡᠭᠦᠯᠬᠦ ᠶᠢ ᠤᠰᠤᠯᠳᠠᠵᠤ ᠪᠤᠯᠬᠤ ᠦᠭᠡᠢ᠃ 4. ᠡᠪᠦᠯ ᠤᠨ ᠤᠯᠠᠷᠢᠯ ᠤᠨ ᠬᠠᠷᠢᠭᠤᠯᠭ᠎ᠠ᠄ ᠡᠪᠦᠯ ᠪᠤᠯᠪᠠᠯ ᠠᠭᠤᠷ ᠠᠮᠢᠰᠬᠤᠯ ᠬᠦᠢᠲᠡᠷᠡᠵᠦ ᠡᠪᠡᠰᠦ ᠤᠷᠭᠤᠮᠠᠯ ᠬᠤᠪᠠᠭ᠋ᠠᠶᠢᠷᠠᠨ᠂ ᠵᠠᠷᠢᠮ ᠭᠠᠵᠠᠷ ᠲᠤ ᠴᠠᠰᠤ ᠤᠷᠤᠵᠤ ᠢᠮᠠᠭᠠᠨ ᠤ ᠢᠳᠡᠰᠢᠯᠡᠬᠦ ᠬᠡᠮᠵᠢᠶ᠎ᠡ ᠳᠤᠷᠤᠭᠰᠢᠯᠠᠳᠠᠭ ᠠᠴᠠ ᠪᠤᠯᠵᠤ ᠲᠠᠷᠭᠤ ᠬᠦᠴᠦ ᠨᠢ ᠪᠠᠭᠤᠷᠠᠬᠤ ᠦᠵᠡᠭᠳᠡᠯ ᠭᠠᠷᠤᠨ᠎ᠠ᠃ ᠡᠶᠢᠮᠦ ᠠᠴᠠ ᠢᠷᠡᠬᠦ ᠵᠢᠯ ᠭᠠᠷᠭᠠᠯᠲᠠ ᠳᠤ ᠤᠷᠤᠭᠤᠯᠬᠤ ᠢᠮᠠᠭᠠᠨ ᠤ ᠲᠠᠷᠭᠤ ᠬᠦᠴᠦ ᠶᠢ ᠰᠠᠶᠢᠳᠤᠷ ᠬᠠᠮᠠᠭᠠᠯᠠᠵᠤ ᠮᠡᠨᠳᠦ ᠡᠪᠦᠯᠵᠢᠭᠦᠯᠬᠦ ᠨᠢ ᠡᠪᠦᠯ ᠤᠨ ᠠᠷᠠᠴᠢᠯᠠᠭ᠎ᠠ ᠶᠢᠨ ᠭᠤᠤᠯ ᠡᠭᠦᠷᠭᠡ ᠪᠤᠯᠤᠨ᠎ᠠ ᠃ ᠨᠤᠲᠤᠭ ᠪᠡᠯᠴᠢᠭᠡᠷ ᠤᠨ ᠲᠠᠯ᠎ᠠ ᠠᠴᠠ ᠠᠪᠴᠤ ᠬᠡᠯᠡᠪᠡᠯ᠂ ᠡᠪᠦᠯ ᠴᠠᠰᠤ ᠤᠷᠤᠭᠰᠠᠨ ᠤ ᠳᠠᠷᠠᠭ᠎ᠠ ᠤᠰᠤ ᠦᠭᠡᠢ ᠪᠡᠯᠴᠢᠭᠡᠷ ᠢᠶᠠᠨ ᠠᠰᠢᠭᠯᠠᠬᠤ ᠶᠢᠨ ᠬᠠᠮᠲᠤ ᠤᠷᠢᠳ ᠢᠶᠠᠷ ᠬᠤᠯᠠ ᠶᠢᠨ ᠪᠡᠯᠴᠢᠭᠡᠷ ᠲᠤ ᠢᠳᠡᠰᠢᠯᠡᠭᠦᠯᠵᠦ ᠰᠡᠭᠦᠯᠡᠷ ᠨᠢ ᠤᠶᠢᠷ᠎ᠠ ᠶᠢᠨ ᠪᠡᠯᠴᠢᠭᠡᠷ ᠢᠶᠠᠨ ᠠᠰᠢᠭᠯᠠᠬᠤ᠂ ᠤᠷᠢᠳ ᠢᠶᠠᠷ ᠦᠨᠳᠦᠷᠯᠢᠭ ᠪᠡᠯᠴᠢᠭᠡᠷ ᠲᠤ ᠬᠠᠷᠢᠭᠤᠯᠵᠤ ᠰᠡᠭᠦᠯᠡᠷ ᠨᠢ ᠨᠠᠮ ᠳᠤᠤᠷ᠎ᠠ ᠭᠠᠵᠠᠷ ᠲᠤ ᠪᠡᠯᠴᠢᠭᠡᠬᠦ᠂ ᠤᠷᠢᠳ ᠢᠶᠠᠷ ᠬᠦᠨᠳᠡᠢ ᠬᠤᠲᠤᠭᠤᠷ ᠪᠡᠯᠴᠢᠭᠡᠷ ᠲᠤ ᠪᠡᠯᠴᠢᠭᠡᠵᠦ ᠰᠡᠭᠦᠯᠡᠷ ᠨᠢ ᠲᠠᠯ᠎ᠠ ᠭᠠᠵᠠᠷ ᠲᠤ ᠶᠠᠪᠤᠭᠤᠯᠬᠤ ᠵᠠᠷᠴᠢᠮ ᠢ ᠪᠠᠷᠢᠮᠲᠠᠯᠠᠪᠠᠯ ᠵᠤᠬᠢᠨ᠎ᠠ᠃ ᠡᠪᠦᠯ ᠤᠨ ᠬᠦᠢᠲᠡᠨ ᠳᠤ ᠦᠷᠯᠦᠭᠡ ᠳᠡᠭᠡᠨ ᠪᠠᠭ᠋ᠠᠨ ᠤᠷᠤᠢ ᠰᠢᠭ᠋ ᠰᠠᠯᠬᠢ ᠡᠰᠡᠷᠭᠦ ᠪᠡᠯᠴᠢᠭᠡᠨ ᠶᠠᠪᠤᠭᠤᠯᠵᠤ᠂ ᠤᠷᠤᠢ ᠳᠠᠭᠠᠨ ᠡᠷᠲᠡ ᠰᠢᠭ ᠰᠠᠯᠬᠢ ᠳᠠᠭᠠᠭᠤᠯᠤᠨ ᠬᠤᠷᠢᠶᠠᠵᠤ᠂ ᠰᠠᠯᠬᠢ ᠰᠢᠭᠤᠷᠭᠠᠨ ᠢ ᠴᠠᠭ ᠢᠮᠠᠭᠲᠠ ᠰᠡᠷᠭᠡᠶᠢᠯᠡᠬᠦ ᠠᠴᠠ ᠭᠠᠳᠠᠨ᠎ᠠ ᠪᠠᠰᠠ ᠡᠳᠦᠷ ᠪᠦᠷᠢ 1 ᠤᠳᠠᠭ᠎ᠠ ᠤᠰᠤᠯᠠᠵᠤ᠂ ᠭᠠᠷᠠᠭ ᠪᠦᠷᠢ 1 ᠤᠳᠠᠭ᠎ᠠ ᠬᠤᠵᠢᠷ ᠳᠠᠪᠤᠰᠤ ᠢᠳᠡᠭᠦᠯᠬᠦ ᠬᠡᠷᠡᠭᠲᠡᠢ᠃ ᠬᠦᠢᠲᠡᠷᠡᠬᠦ ᠠᠴᠠ ᠡᠮᠦᠨ᠎ᠡ ᠢᠮᠠᠭᠠᠨ ᠤ ᠪᠠᠨ ᠫᠧᠩ ᠰᠠᠷᠠᠪᠴᠢ ᠶᠢ ᠰᠡᠯᠪᠢᠨ ᠵᠠᠰᠠᠵᠤ ᠪᠢᠲᠡᠭᠦᠯᠡᠨ ᠳᠤᠯᠠᠭᠠᠯᠠᠬᠤ ᠶᠢᠨ ᠬᠠᠮᠲᠤ ᠬᠡᠷᠪᠡ ᠫᠧᠩ ᠰᠰᠷᠠᠪᠴᠢ ᠶᠢᠨ ᠱᠠᠯᠠ ᠨᠢ ᠴᠢᠬᠢᠭᠳᠦᠵᠦ ᠨᠤᠷᠬᠤ ᠦᠵᠡᠭᠳᠡᠯ ᠭᠠᠷᠪᠠᠯ ᠴᠠᠭ ᠲᠤᠬᠠᠢ ᠳᠤᠨᠢ ᠬᠤᠷᠭᠤᠯ ᠳᠡᠪᠢᠰᠬᠦ ᠵᠡᠷᠭᠡ ᠠᠷᠭ᠎ᠠ ᠬᠡᠮᠵᠢᠶ᠎ᠡ ᠠᠪᠴᠤ ᠬᠡᠷᠡᠭᠲᠡᠢ᠃ ︵ᠢᠷᠡᠯᠲᠡ᠄ ᠰᠤᠳᠤᠭᠡᠷᠡᠯ᠂ ᠪᠠᠪᠤᠯᠠᠢ᠂ ᠬᠦᠭᠵᠢᠯᠲᠦ ᠶᠢᠨ ᠨᠠᠶᠢᠷᠠᠭᠤᠯᠤᠨ ᠵᠤᠬᠢᠶᠠᠭᠰᠠᠨ ︽ᠮᠠᠯ ᠤᠨ ᠲᠡᠵᠢᠭᠡᠯᠭᠡ ᠪᠤᠷᠳᠤᠯᠭ᠎ᠠ ᠪᠠ ᠠᠰᠢᠭ ᠰᠢᠮ᠎ᠡ ᠶᠢᠨ ᠪᠤᠯᠪᠠᠰᠤᠷᠠᠭᠤᠯᠭ᠎ᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号