ᠤᠬᠤᠷ ᠡᠪᠡᠷᠲᠦ ᠦᠬᠡᠷ
ᠨᠡᠶᠢᠲᠡᠯᠡᠭᠰᠡᠨ ᠴᠠᠭ᠄
2020/6/30
       ᠤᠬᠤᠷ ᠡᠪᠡᠷᠲᠦ ᠦᠬᠡᠷ ᠤᠨ ᠤᠭ ᠭᠠᠷᠤᠯ ᠨᠢ ᠠᠩᠭ᠍ᠯᠢ ᠤᠯᠤᠰ ᠤᠨ ᠵᠡᠭᠦᠨ ᠬᠤᠶᠢᠲᠤ ᠬᠡᠰᠡᠭ ᠲᠠᠬᠢ ᠲᠢᠰ ᠤᠨ ᠭᠤᠤᠯ ᠤᠨ ᠰᠠᠪᠠ ᠭᠠᠵᠠᠷ ᠪᠤᠯᠤᠨ᠎ᠠ᠃ ᠮᠠᠨ ᠤ ᠤᠯᠤᠰ ᠲᠤᠰ ᠡᠭᠦᠯᠳᠡᠷ ᠤᠨ ᠦᠬᠡᠷ ᠢ ᠤᠯᠠᠨ ᠤᠳᠠᠭ᠎ᠠ ᠤᠷᠤᠭᠤᠯᠤᠨ ᠠᠪᠴᠢᠷᠠᠵᠤ ᠰᠤᠩᠭᠤᠨ ᠪᠤᠶᠢᠵᠢᠭᠤᠯᠤᠭᠠᠳ ᠤᠳᠤ ᠦᠪᠦᠷ ᠮᠤᠩᠭᠤᠯ᠂ ᠵᠡᠭᠦᠨ ᠬᠤᠶᠢᠲᠤ ᠤᠷᠤᠨ᠂ ᠡᠾᠪᠸᠢ ᠵᠡᠷᠭᠡ ᠮᠤᠵᠢ ᠦᠪᠡᠷᠲᠡᠭᠡᠨ ᠵᠠᠰᠠᠬᠤ ᠤᠷᠤᠨ ᠳᠤ ᠠᠷᠠᠴᠢᠯᠠᠨ ᠲᠡᠵᠢᠭᠡᠵᠦ ᠪᠤᠢ᠃ ᠰᠦᠨ ᠮᠢᠬᠠᠨ ᠤ ᠬᠤᠤᠰ ᠬᠡᠷᠡᠭᠯᠡᠭᠦᠨᠲᠦ ᠬᠡᠯᠪᠡᠷᠢ ᠶᠢᠨ ᠤᠬᠤᠷ ᠡᠪᠡᠷᠲᠦ ᠦᠬᠡᠷ ᠤᠨ ᠲᠤᠯᠤᠭᠠᠢ ᠨᠢ ᠪᠠᠭ᠎ᠠ᠂ ᠡᠪᠡᠷ ᠨᠢ ᠤᠬᠤᠷ᠂ ᠬᠦᠵᠦᠭᠦᠦ ᠨᠢ ᠪᠤᠭᠤᠨᠢ᠂ ᠰᠡᠷᠪᠡᠭᠡ ᠨᠢ ᠲᠦᠭᠦᠷᠢᠭ ᠳᠦᠭᠦᠷᠡᠩ ᠪᠦᠭᠡᠳ ᠨᠢᠷᠣᠭᠤ ᠨᠢ ᠦᠷᠭᠡᠨ ᠮᠦᠷᠲᠡᠭᠡᠨ ᠲᠡᠭᠰᠢ᠂ ᠳᠦᠷᠪᠡᠨ ᠮᠦᠴᠢ ᠨᠢ ᠨᠡᠯᠢᠶᠡᠳ ᠤᠬᠤᠷ᠂ ᠪᠦᠬᠦ ᠪᠡᠶ᠎ᠡ ᠶᠢᠨ ᠪᠤᠯᠴᠢᠩ ᠨᠢ ᠳᠦᠭᠦᠷᠡᠩ ᠪᠠᠶᠢᠳᠠᠭ᠃ ᠪᠤᠬᠠᠨ ᠤ ᠬᠦᠵᠦᠭᠦᠨ ᠬᠡᠰᠡᠭ ᠲᠤᠨᠢ ᠪᠤᠷᠵᠢᠭᠢᠷ ᠤᠷᠲᠤ ᠦᠰᠦ ᠲᠠᠢ ᠶᠤᠮ᠃ ᠪᠤᠬᠠᠨ ᠤ ᠪᠡᠶ᠎ᠡ ᠶᠢᠨ ᠬᠦᠨᠳᠦ ᠨᠢ 800~1200 ᠺᠢᠯᠤᠭ᠍ᠷᠡᠮ᠂ ᠦᠨᠢᠶᠡᠨ ᠤ ᠬᠢᠨᠢ 500~800 ᠺᠢᠯᠤᠭ᠍ᠷᠡᠮ᠂ ᠠᠩᠬ᠎ᠠ ᠲᠤᠭᠤᠯᠯᠠᠭᠰᠠᠨ ᠲᠤᠭᠤᠯ ᠤᠨ ᠬᠢᠨᠢ 32~40 ᠺᠢᠯᠤᠭ᠍ᠷᠡᠮ ᠬᠦᠨᠳᠦ ᠪᠠᠶᠢᠳᠠᠭ᠃ ᠰᠦ ᠱᠦᠭᠦᠷᠡᠯ ᠤᠨ ᠬᠤᠭᠤᠴᠠᠭᠠᠨ ᠳᠠᠬᠢ ᠰᠦᠨ ᠤ ᠭᠠᠷᠤᠯᠲᠠ ᠨᠢ 2500~3500 ᠺᠢᠯᠤᠭ᠍ᠷᠡᠮ᠂ ᠰᠦᠨ ᠤ ᠲᠤᠰᠤᠯᠢᠭ ᠤᠨ ᠨᠤᠷᠮ᠎ᠠ ᠨᠢ 3.8%~4.2% ᠪᠤᠯᠤᠨ᠎ᠠ᠃ ᠮᠢᠬᠠᠨ ᠤ ᠬᠡᠷᠡᠭᠯᠡᠭᠦᠨᠲᠦ ᠬᠡᠯᠪᠡᠷᠢ ᠶᠢᠨ ᠤᠬᠤᠷ ᠡᠪᠡᠷᠲᠦ ᠦᠬᠡᠷ ᠤᠨ ᠴᠡᠭᠡᠵᠢᠨ ᠤ ᠡᠮᠦᠨ᠎ᠡ ᠬᠡᠰᠡᠭ ᠨᠢ ᠭᠦᠨ ᠪᠦᠭᠡᠳ ᠦᠷᠭᠡᠨ᠂ ᠬᠡᠪᠡᠯᠢ ᠨᠢ ᠪᠦᠭᠡᠷᠡᠩᠬᠡᠢ ᠬᠡᠯᠪᠡᠷᠢᠲᠡᠢ᠂ ᠪᠡᠶ᠎ᠡ ᠶᠢᠨ ᠬᠡᠯᠪᠡᠷᠢ ᠨᠢ ᠤᠷᠲᠤ ᠳᠦᠷᠪᠡᠯᠵᠢᠨ ᠮᠦᠷᠲᠡᠭᠡᠨ ᠪᠦᠬᠦ ᠪᠡᠶ᠎ᠡ ᠶᠢᠨ ᠪᠤᠯᠴᠢᠩ ᠨᠢ ᠬᠤᠤᠰ ᠬᠡᠷᠡᠭᠯᠡᠭᠦᠨᠲᠦ ᠬᠡᠯᠪᠡᠷᠢ ᠶᠢᠨ ᠬᠢ ᠠᠴᠠ ᠨᠡᠩ ᠳᠦᠭᠦᠷᠡᠩ ᠪᠠᠶᠢᠳᠠᠭ᠃ ᠪᠤᠬᠠᠨ ᠤ ᠪᠡᠶ᠎ᠡ ᠶᠢᠨ ᠬᠦᠨᠳᠦ ᠨᠢ 1200~1400 ᠺᠢᠯᠤᠭ᠍ᠷᠡᠮ᠂ ᠦᠨᠢᠶᠡᠨ ᠤ ᠬᠢᠨᠢ 650~900 ᠺᠢᠯᠤᠭ᠍ᠷᠡᠮ ᠪᠠᠶᠢᠳᠠᠭ᠃ ᠰᠦ ᠱᠦᠭᠦᠷᠡᠯ ᠤᠨ ᠬᠤᠭᠤᠴᠠᠭᠠᠨ ᠳᠠᠬᠢ ᠰᠦᠨ ᠤ ᠭᠠᠷᠤᠯᠲᠠ ᠨᠢ 1500~3500 ᠺᠢᠯᠤᠭ᠍ᠷᠡᠮ ᠪᠤᠯᠤᠨ᠎ᠠ᠃ ᠡᠨᠡ ᠬᠤᠶᠠᠷ ᠲᠦᠷᠦᠯ ᠬᠡᠯᠪᠡᠷᠢ ᠶᠢᠨ ᠤᠬᠤᠷ ᠡᠪᠡᠷᠲᠦ ᠦᠬᠡᠷ ᠤᠨ ᠵᠢᠰᠦᠮ ᠤᠨ ᠤᠯᠠᠩᠬᠢ ᠨᠢ ᠪᠠᠷᠠᠭᠠᠨ ᠤᠯᠠᠭᠠᠨ ᠪᠤᠶᠤ ᠤᠯᠠᠪᠤᠷ ᠬᠦᠷᠡᠩ ᠵᠢᠴᠢ ᠴᠠᠭᠠᠨ ᠠᠯᠠᠭ ᠵᠡᠷᠭᠡ ᠪᠠᠶᠢᠵᠤ᠂ ᠴᠢᠬᠢᠨ ᠤ ᠦᠵᠦᠭᠦᠷ ᠨᠢ ᠶᠡᠷᠦ ᠳᠡᠭᠡᠨ ᠬᠠᠷ᠎ᠠ ᠪᠠᠶᠢᠳᠠᠭ᠃ ᠰᠠᠷᠢᠰᠤᠨ ᠬᠠᠮᠠᠷ ᠨᠢ ᠶᠠᠭᠠᠪᠲᠤᠷ ᠦᠩᠭᠡᠲᠡᠢ᠂ ᠡᠪᠡᠷ ᠨᠢ ᠰᠢᠷᠠᠪᠲᠤᠷ ᠪᠤᠶᠤ ᠴᠠᠭᠠᠨ ᠦᠩᠭᠡᠲᠡᠢ ᠶᠤᠮ᠃ ᠤᠬᠤᠷ ᠡᠪᠡᠷᠲᠦ ᠦᠬᠡᠷ ᠤᠨ ᠪᠡᠯᠭᠡ ᠶᠢᠨ ᠪᠤᠯᠪᠠᠰᠤᠷᠠᠯᠲᠠ ᠨᠢ ᠡᠷᠲᠡ᠂ ᠪᠡᠯᠴᠢᠭᠡᠷ ᠤᠨ ᠠᠷᠠᠴᠢᠯᠠᠭ᠎ᠠ ᠮᠠᠯᠯᠠᠭ᠎ᠠ ᠳᠤ ᠵᠤᠬᠢᠴᠠᠬᠤ ᠪᠠᠷ ᠪᠠᠷᠠᠬᠤ ᠦᠭᠡᠢ ᠪᠠᠰᠠ ᠦᠰᠦᠯᠲᠡ ᠪᠤᠶᠢᠵᠢᠯᠲᠠ ᠨᠢ ᠲᠦᠷᠭᠡᠨ᠂ ᠮᠢᠬᠠᠨ ᠤ ᠴᠢᠨᠠᠷ ᠨᠢ ᠰᠠᠶᠢᠨ᠂ ᠬᠠᠷ᠎ᠠ ᠮᠢᠬ᠎ᠠ ᠶᠡᠬᠡᠲᠡᠢ ᠪᠦᠭᠡᠳ ᠮᠢᠬᠠᠨ ᠤ ᠭᠠᠷᠤᠯᠲᠠ ᠨᠢ ᠨᠡᠯᠢᠶᠡᠳ ᠦᠨᠳᠦᠷ ᠪᠠᠶᠢᠳᠠᠭ᠃ ᠡᠳᠦᠷ ᠤᠨ ᠬᠦᠨᠳᠦ ᠶᠢᠨ ᠳᠤᠮᠳᠠᠴᠢ ᠨᠡᠮᠡᠭᠳᠡᠯ ᠨᠢ 1 ᠺᠢᠯᠤᠭ᠍ᠷᠡᠮ ᠭᠠᠷᠤᠢ ᠪᠠᠶᠢᠵᠤ᠂ ᠨᠢᠳᠤᠯᠤᠯᠲᠠ ᠶᠢᠨ ᠨᠤᠷᠮ᠎ᠠ ᠨᠢ 65%~70% ᠳᠤ ᠬᠦᠷᠳᠡᠭ᠃ ︵ᠢᠷᠡᠯᠲᠡ᠄ ᠴᠧᠨ ᠪᠠᠭᠠᠲᠤᠷ᠂ ᠢ᠊ · ᠰᠤᠶᠤᠯᠲᠤ᠂ ᠤᠷᠠᠨᠴᠢᠮᠡᠭ᠂ ᠰᠡᠴᠡᠨᠪᠢᠯᠢᠭ᠂ ᠨᠠᠰᠤᠨᠳᠠᠯᠭᠡᠷ᠂ ᠨᠠᠷᠠᠨ ᠨᠠᠷ ᠨᠠᠶᠢᠷᠠᠭᠤᠯᠤᠨ ᠵᠤᠬᠢᠶᠠᠭᠰᠠᠨ ︽ᠰᠦᠨ ᠤ ᠦᠨᠢᠶᠡᠨ ᠤ ᠠᠷᠠᠴᠢᠯᠠᠭ᠎ᠠ ᠲᠡᠵᠢᠭᠡᠯᠭᠡ ᠶᠢᠨ ᠠᠷᠭ᠎ᠠ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号