ᠠᠵᠢᠯ ᠠᠯᠳᠠᠭᠰᠠᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠳᠥᠷᠪᠡ
ᠨᠡᠶᠢᠲᠡᠯᠡᠭᠰᠡᠨ ᠴᠠᠭ᠄
2020/6/30
     ᠶᠢᠰᠦ᠂ ᠠᠵᠢᠯ ᠠᠯᠳᠠᠭᠰᠠᠳ ᠠᠴᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠪᠠᠨ ᠨᠠᠰᠤ ᠨᠥᠭᠴᠢᠭᠰᠡᠨ ᠪᠣᠯ᠂ ᠣᠷᠣᠰᠢᠭᠤᠯᠭ᠎ᠠ ᠶᠢᠨ ᠨᠥᠬᠦᠪᠦᠷᠢ ᠶᠢᠨ ᠮᠥᠩᠭᠦ ᠪᠠ ᠠᠰᠠᠷᠠᠮᠵᠢ ᠶᠢᠨ ᠮᠥᠩᠭᠦ ᠶᠢ ᠬᠡᠷᠬᠢᠨ ᠲᠣᠭᠲᠠᠭᠠᠭᠰᠠᠨ ᠪᠣᠢ︖ ᠬᠠᠷᠢᠭᠤᠯᠲᠠ᠄ ᠠᠵᠢᠯ ᠠᠯᠳᠠᠭᠰᠠᠳ ᠠᠴᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠪᠠᠨ ᠨᠠᠰᠤ ᠨᠥᠭᠴᠢᠭᠰᠡᠨ ᠪᠣᠯ᠂ ᠲᠡᠭᠦᠨ ᠤ ᠭᠡᠷ ᠪᠦᠯᠢ ᠶᠢᠨ ᠬᠢᠨ ᠳᠤ ᠨᠢᠭᠡ ᠯᠡ ᠤᠳᠠᠭ᠎ᠠ ᠳᠡᠭᠡᠷ᠎ᠡ ᠣᠯᠭᠤᠬᠤ ᠣᠷᠣᠰᠢᠭᠤᠯᠭ᠎ᠠ ᠶᠢᠨ ᠨᠥᠬᠦᠪᠦᠷᠢ ᠶᠢᠨ ᠮᠥᠩᠭᠦ ᠶᠢ ᠲᠤᠬᠠᠢ ᠭᠠᠵᠠᠷ ᠤᠨ ᠳᠡᠭᠡᠷ᠎ᠡ ᠣᠨ ᠤ ᠨᠡᠶᠢᠭᠡᠮ ᠤᠨ ᠰᠠᠷ᠎ᠠ ᠶᠢᠨ ᠳᠤᠮᠳᠠᠴᠢ ᠴᠠᠯᠢᠩ ᠤᠨ 4 ᠰᠠᠷ᠎ᠠ ᠶᠢᠨ ᠴᠠᠯᠢᠩ ᠤᠨ ᠪᠠᠷᠢᠮᠵᠢᠶ᠎ᠠ ᠪᠠᠷ ᠨᠥᠬᠦᠪᠦᠷᠢ ᠥᠭᠭᠦᠨ᠎ᠡ᠃ ᠠᠰᠠᠷᠠᠮᠵᠢ ᠶᠢᠨ ᠮᠥᠩᠭᠦ ᠶᠢᠨ ᠨᠥᠬᠦᠪᠦᠷᠢ ᠶᠢᠨ ᠪᠠᠷᠢᠮᠵᠢᠶ᠎ᠠ ᠶᠢ ᠠᠵᠢᠯ ᠠᠯᠳᠠᠭᠰᠠᠳ ᠤᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠪᠠᠨ ᠨᠠᠰᠤ ᠨᠥᠭᠴᠢᠭᠰᠡᠨ ᠲᠤᠬᠠᠢ ᠶᠢᠨ ᠰᠠᠷ᠎ᠠ ᠠᠴᠠ ᠠᠪᠬᠤ ᠠᠵᠢᠯ ᠠᠯᠳᠠᠭᠰᠠᠨ ᠳᠠᠭᠠᠳᠬᠠᠯ ᠤᠨ ᠮᠥᠩᠭᠦ ᠪᠠᠷ ᠰᠠᠭᠤᠷᠢ ᠲᠤᠭ᠎ᠠ ᠪᠣᠯᠭᠠᠨ᠎ᠠ᠄ 1 ᠬᠥᠮᠥᠨ ᠢ ᠠᠰᠠᠷᠠᠨ ᠲᠡᠵᠢᠭᠡᠵᠦ ᠪᠠᠶᠢᠭᠰᠠᠨ ᠪᠣᠯ᠂ ᠨᠢᠭᠡ ᠯᠡ ᠤᠳᠠᠭ᠎ᠠ ᠳᠡᠭᠡᠷ᠎ᠡ 6 ᠰᠠᠷ᠎ᠠ ᠶᠢᠨ ᠨᠥᠬᠦᠪᠦᠷᠢ ᠥᠭᠭᠦᠨ᠎ᠡ︔ 2 ᠬᠥᠮᠥᠨ ᠢ ᠠᠰᠠᠷᠠᠨ ᠲᠡᠵᠢᠭᠡᠵᠦ ᠪᠠᠶᠢᠭᠰᠠᠨ ᠪᠣᠯ᠂ ᠨᠢᠭᠡ ᠯᠡ ᠤᠳᠠᠭ᠎ᠠ ᠳᠡᠭᠡᠷ᠎ᠡ 12 ᠰᠠᠷ᠎ᠠ ᠶᠢᠨ ᠨᠥᠬᠦᠪᠦᠷᠢ ᠥᠭᠭᠦᠨ᠎ᠡ︔ 3 ᠠᠴᠠ ᠳᠡᠭᠡᠭᠰᠢ ᠬᠥᠮᠥᠨ ᠢ ᠠᠰᠠᠷᠠᠨ ᠲᠡᠵᠢᠭᠡᠵᠦ ᠪᠠᠶᠢᠭᠰᠠᠨ ᠪᠣᠯ᠂ ᠨᠢᠭᠡ ᠯᠡ ᠤᠳᠠᠭ᠎ᠠ ᠳᠡᠭᠡᠷ᠎ᠡ 18 ᠰᠠᠷ᠎ᠠ ᠶᠢᠨ ᠨᠥᠬᠦᠪᠦᠷᠢ ᠥᠭᠭᠦᠨ᠎ᠡ᠃ ᠠᠰᠠᠷᠠᠨ ᠲᠡᠵᠢᠭᠡᠬᠦ ᠡᠲᠡᠭᠡᠳ ᠨᠢ ᠳᠣᠣᠷᠠᠬᠢ ᠬᠡᠳᠦᠨ ᠵᠦᠢᠯ ᠢ ᠪᠠᠭᠲᠠᠭᠠᠨ᠎ᠠ᠄ ︵1︶ ᠡᠴᠢᠭᠡ ︵ᠨᠠᠰᠤ ᠨᠥᠭᠴᠢᠭᠰᠡᠳ ᠢ ᠠᠰᠠᠷᠠᠨ ᠲᠡᠵᠢᠭᠡᠵᠦ ᠥᠰᠬᠡᠨ ᠪᠤᠶᠢᠵᠢᠭᠤᠯᠤᠭᠰᠠᠨ ᠠᠰᠠᠷᠠᠨ ᠲᠡᠵᠢᠭᠡᠭᠴᠢ ᠶᠢ ᠪᠠᠭᠲᠠᠭᠠᠨ᠎ᠠ︶᠂ ᠡᠷ᠎ᠡ ᠨᠥᠬᠦᠷ ᠨᠢ ᠪᠦᠬᠦᠯᠢ 60 ᠨᠠᠰᠤ ᠬᠥᠷᠥᠭᠰᠡᠨ᠂ ᠡᠰᠡᠬᠦᠯ᠎ᠡ ᠪᠦᠬᠦᠯᠢ 60 ᠨᠠᠰᠤ ᠬᠥᠷᠥᠭᠡ ᠦᠭᠡᠢ ᠪᠣᠯᠪᠠᠴᠤ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠮᠥᠷᠲᠡᠭᠡᠨ ᠲᠣᠭᠲᠠᠪᠤᠷᠢᠲᠠᠢ ᠣᠷᠣᠯᠭ᠎ᠠ ᠦᠭᠡᠢ ᠬᠥᠮᠥᠨ᠃ ︵2︶ ᠡᠬᠡ ︵ᠨᠠᠰᠤ ᠨᠥᠭᠴᠢᠭᠰᠡᠳ ᠢ ᠠᠰᠠᠷᠠᠨ ᠲᠡᠵᠢᠭᠡᠵᠦ ᠥᠰᠬᠡᠨ ᠪᠤᠶᠢᠵᠢᠭᠤᠯᠤᠭᠰᠠᠨ ᠠᠰᠠᠷᠠᠨ ᠲᠡᠵᠢᠭᠡᠭᠴᠢ ᠶᠢ ᠪᠠᠭᠲᠠᠭᠠᠨ᠎ᠠ︶᠂ ᠡᠬᠡᠨᠡᠷ ᠨᠢ ᠪᠦᠬᠦᠯᠢ 50 ᠨᠠᠰᠤ ᠬᠥᠷᠥᠭᠰᠡᠨ᠂ ᠡᠰᠡᠬᠦᠯ᠎ᠡ ᠪᠦᠬᠦᠯᠢ 50 ᠨᠠᠰᠤ ᠬᠥᠷᠥᠭᠡ ᠦᠭᠡᠢ ᠪᠣᠯᠪᠠᠴᠤ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠮᠥᠷᠲᠡᠭᠡᠨ ᠲᠣᠭᠲᠠᠪᠤᠷᠢᠲᠠᠢ ᠣᠷᠣᠯᠭ᠎ᠠ ᠦᠭᠡᠢ ᠬᠥᠮᠥᠨ᠃ ︵3︶ ᠦᠷ᠎ᠡ ᠬᠡᠦᠬᠡᠳ ︵ᠲᠥᠯᠥᠭᠡᠰᠦᠨ ᠬᠡᠦᠬᠡᠳ᠂ ᠦᠷᠡᠴᠢᠯᠡᠨ ᠲᠡᠵᠢᠭᠡᠭᠰᠡᠨ ᠦᠷ᠎ᠡ ᠬᠡᠦᠬᠡᠳ᠂ ᠲᠦᠷᠦᠭᠦᠴᠢ ᠶᠢᠨ ᠡᠬᠡᠨᠡᠷ ᠪᠤᠶᠤ ᠲᠦᠷᠦᠭᠦᠴᠢ ᠶᠢᠨ ᠡᠷ᠎ᠡ ᠨᠥᠬᠦᠷ ᠠᠴᠠ ᠨᠢ ᠭᠠᠷᠤᠭᠰᠠᠨ ᠦᠷ᠎ᠡ ᠬᠡᠦᠬᠡᠳ ᠢ ᠪᠠᠭᠲᠠᠭᠠᠨ᠎ᠠ︶ ᠨᠢ ᠪᠦᠬᠦᠯᠢ 16 ᠨᠠᠰᠤ ᠬᠥᠷᠥᠭᠡ ᠦᠭᠡᠢ᠂ ᠡᠰᠡᠬᠦᠯ᠎ᠡ ᠪᠦᠬᠦᠯᠢ 16 ᠨᠠᠰᠤ ᠬᠥᠷᠥᠭᠰᠡᠨ ᠪᠣᠯᠪᠠᠴᠤ ᠡᠩ ᠤᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠬᠤ᠂ ᠡᠰᠡᠬᠦᠯ᠎ᠡ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠳ᠃ ︵4︶ ᠳᠡᠭᠦᠦ᠂ ᠬᠡᠦᠬᠡᠨ ᠳᠡᠭᠦᠦ ︵ᠡᠴᠢᠭᠡ ᠨᠢᠭᠡᠲᠡᠢ ᠡᠬᠡ ᠣᠨᠳᠣᠣ᠂ ᠡᠰᠡᠬᠦᠯ᠎ᠡ ᠡᠬᠡ ᠨᠢᠭᠡᠲᠡᠢ ᠡᠴᠢᠭᠡ ᠣᠨᠳᠣᠣ ᠳᠡᠭᠦᠦ᠂ ᠬᠡᠦᠬᠡᠨ ᠳᠡᠭᠦᠦ ᠶᠢ ᠪᠠᠭᠲᠠᠭᠠᠨ᠎ᠠ︶ ᠨᠢ ᠪᠦᠬᠦᠯᠢ 16 ᠨᠠᠰᠤ ᠬᠥᠷᠥᠭᠡ ᠦᠭᠡᠢ᠂ ᠡᠰᠡᠬᠦᠯ᠎ᠡ ᠪᠦᠬᠦᠯᠢ 16 ᠨᠠᠰᠤ ᠬᠥᠷᠥᠭᠰᠡᠨ ᠪᠣᠯᠪᠠᠴᠤ ᠡᠩ ᠤᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠬᠤ᠂ ᠡᠰᠡᠬᠦᠯ᠎ᠡ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠳ᠃ ᠠᠷᠪᠠ᠂ ᠮᠠᠯᠴᠢᠨ ᠲᠠᠷᠢᠶᠠᠴᠢᠨ ᠭᠠᠷᠤᠯ ᠲᠠᠢ ᠭᠡᠷ᠎ᠡ ᠶᠢᠨ ᠳᠦᠷᠢᠮᠲᠦ ᠠᠵᠢᠯᠴᠢᠳ ᠤᠨ ᠨᠢᠭᠡ ᠯᠡ ᠤᠳᠠᠭ᠎ᠠ ᠳᠡᠭᠡᠷ᠎ᠡ ᠣᠯᠭᠤᠬᠤ ᠠᠮᠢᠳᠤᠷᠠᠯ ᠤᠨ ᠨᠥᠬᠦᠪᠦᠷᠢ ᠶᠢ ᠬᠦᠷᠲᠡᠬᠦ ᠲᠤᠬᠠᠢ ᠶᠠᠭᠠᠬᠢᠵᠤ ᠲᠣᠭᠲᠠᠭᠠᠭᠰᠠᠨ ᠪᠣᠢ︖ ᠬᠠᠷᠢᠭᠤᠯᠲᠠ᠄ ᠨᠢᠭᠡᠴᠢ ᠠᠴᠠ ᠡᠯᠰᠡᠨ ᠬᠡᠷᠡᠭᠯᠡᠭᠰᠡᠨ ᠮᠠᠯᠴᠢᠨ ᠲᠠᠷᠢᠶᠠᠴᠢᠨ ᠭᠠᠷᠤᠯ ᠲᠠᠢ ᠭᠡᠷ᠎ᠡ ᠶᠢᠨ ᠳᠦᠷᠢᠮᠲᠦ ᠠᠵᠢᠯᠴᠢᠳ ᠪᠦᠬᠦᠯᠢ 1 ᠵᠢᠯ ᠠᠵᠢᠯᠯᠠᠭᠰᠠᠨ ᠤ ᠬᠠᠮᠲᠤ᠂ ᠲᠤᠰ ᠨᠢᠭᠡᠴᠢ ᠠᠴᠠ ᠨᠢᠭᠡᠨᠲᠡ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠢ ᠨᠢ ᠲᠤᠰᠢᠶᠠᠵᠤ᠂ ᠬᠥᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠲᠤᠯᠵᠤ ᠵᠠᠯᠭᠠᠭᠠᠳ ᠵᠠᠬᠢᠶᠠᠯᠠᠭ᠎ᠠ ᠦᠭᠡᠢ ᠪᠤᠶᠤ ᠬᠥᠳᠡᠯᠮᠦᠷᠢ ᠶᠢᠨ ᠭᠡᠷ᠎ᠡ ᠪᠠᠨ ᠤᠷᠢᠳᠴᠢᠯᠠᠨ ᠴᠤᠴᠠᠯᠤᠭᠰᠠᠨ ᠪᠣᠯ᠂ ᠪᠦᠬᠦᠯᠢ 1 ᠵᠢᠯ ᠪᠣᠯᠣᠭᠰᠠᠨ ᠪᠣᠯ᠂ ᠬᠤᠪᠢ ᠬᠥᠮᠥᠨ ᠳᠤ ᠨᠢᠭᠡ ᠯᠡ ᠤᠳᠠᠭ᠎ᠠ ᠳᠡᠭᠡᠷ᠎ᠡ 2 ᠰᠠᠷ᠎ᠠ ᠶᠢᠨ ᠠᠮᠢᠳᠤᠷᠠᠯ ᠤᠨ ᠨᠥᠬᠦᠪᠦᠷᠢ ᠶᠢᠨ ᠰᠦᠢᠳᠬᠡᠯ ᠣᠯᠭᠤᠨ᠎ᠠ︔ ᠦᠷᠭᠦᠯᠵᠢᠯᠡᠨ ᠠᠵᠢᠯᠯᠠᠪᠠᠯ 1 ᠵᠢᠯ ᠨᠡᠮᠡᠭᠳᠡᠬᠦ ᠪᠦᠷᠢ 1 ᠰᠠᠷ᠎ᠠ ᠶᠢᠨ ᠠᠮᠢᠳᠤᠷᠠᠯ ᠤᠨ ᠨᠥᠬᠦᠪᠦᠷᠢ ᠶᠢᠨ ᠰᠦᠢᠳᠬᠡᠯ ᠨᠡᠮᠡᠨ ᠣᠯᠭᠤᠵᠤ᠂ ᠬᠠᠮᠤᠭ ᠤᠨ ᠥᠨᠳᠥᠷ ᠲᠤ ᠪᠠᠨ 12 ᠰᠠᠷ᠎ᠠ ᠠᠴᠠ ᠬᠡᠲᠦᠷᠡᠵᠦ ᠪᠣᠯᠬᠤ ᠦᠭᠡᠢ᠃ ᠠᠮᠢᠳᠤᠷᠠᠯ ᠤᠨ ᠨᠥᠬᠦᠪᠦᠷᠢ ᠶᠢᠨ ᠰᠦᠢᠳᠬᠡᠯ ᠤᠨ ᠪᠠᠷᠢᠮᠵᠢᠶ᠎ᠠ ᠶᠢ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠤ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ ᠨᠢᠭᠡ ᠯᠡ ᠤᠳᠠᠭ᠎ᠠ ᠳᠡᠭᠡᠷ᠎ᠡ ᠣᠯᠭᠤᠬᠤ ᠠᠮᠢᠳᠤᠷᠠᠯ ᠤᠨ ᠨᠥᠬᠦᠪᠦᠷᠢ ᠶᠢᠨ ᠰᠦᠢᠳᠬᠡᠯ ᠢ ᠠᠪᠬᠤ ᠮᠠᠯᠴᠢᠨ ᠲᠠᠷᠢᠶᠠᠴᠢᠨ ᠭᠠᠷᠤᠯ ᠲᠠᠢ ᠭᠡᠷ᠎ᠡ ᠶᠢᠨ ᠳᠦᠷᠢᠮᠲᠦ ᠠᠵᠢᠯᠴᠢᠳ ᠠᠴᠠ ᠠᠵᠢᠯ ᠠᠯᠳᠠᠭᠰᠠᠨ ᠳᠠᠭᠠᠳᠬᠠᠯ ᠤᠨ ᠪᠤᠰᠤᠳ ᠬᠠᠷᠠᠭᠠᠯᠵᠠᠯ ᠢ ᠬᠦᠷᠲᠡᠬᠦ ᠦᠭᠡᠢ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号