ᠠᠵᠢᠯ ᠠᠯᠳᠠᠭᠰᠠᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠲᠠᠪᠤ︶
ᠨᠡᠶᠢᠲᠡᠯᠡᠭᠰᠡᠨ ᠴᠠᠭ᠄
2020/6/30
       ᠠᠷᠪᠠᠨ ᠨᠢᠭᠡ᠂ ᠠᠵᠢᠯ ᠠᠯᠳᠠᠭᠰᠠᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠵᠦ ᠳᠡᠶᠢᠯᠦᠨ᠎ᠡ ᠦᠦ︖ ᠰᠦᠢᠳᠬᠡᠯ ᠲᠤᠰᠢᠶᠠᠬᠤ ᠣᠨ ᠤ ᠬᠢᠵᠠᠭᠠᠷ ᠢ ᠶᠠᠭᠠᠬᠢᠵᠤ ᠲᠣᠭᠠᠴᠠᠨ ᠪᠣᠳᠣᠬᠤ ᠪᠣᠢ︖ ᠬᠠᠷᠢᠭᠤᠯᠲᠠ᠄ ᠠᠵᠢᠯᠲᠠᠳ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠢ ᠠᠯᠤᠰᠯᠠᠨ ᠠᠵᠢᠯ ᠣᠯᠣᠭᠰᠠᠨ ᠪᠣᠯ᠂ ᠲᠡᠭᠦᠨ ᠤ ᠠᠵᠢᠯ ᠠᠯᠳᠠᠭᠰᠠᠨ ᠳᠠᠭᠠᠳᠬᠠᠯ ᠤᠨ ᠬᠠᠷᠢᠴᠠᠭ᠎ᠠ ᠨᠢ ᠲᠤᠰ ᠬᠥᠮᠥᠨ ᠢᠶᠠᠨ ᠲᠠᠭᠠᠨ ᠰᠢᠯᠵᠢᠵᠦ᠂ ᠰᠦᠢᠳᠬᠡᠯ ᠲᠤᠰᠢᠶᠠᠬᠤ ᠣᠨ ᠤ ᠬᠢᠵᠠᠭᠠᠷ ᠢ ᠨᠢ ᠨᠡᠶᠢᠯᠡᠭᠦᠯᠦᠨ ᠪᠣᠳᠣᠨ᠎ᠠ᠃ ᠠᠷᠪᠠᠨ ᠬᠤᠶᠠᠷ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠢ ᠪᠤᠴᠠᠭᠠᠬᠤ ᠲᠥᠷᠥ ᠶᠢᠨ ᠪᠣᠳᠣᠯᠭ᠎ᠠ ᠳᠠᠬᠢ ᠪᠤᠴᠠᠭᠠᠬᠤ ᠪᠠᠷᠢᠮᠵᠢᠶ᠎ᠠ ᠶᠢ ᠬᠡᠷᠬᠢᠨ ᠲᠣᠭᠲᠠᠭᠠᠭᠰᠠᠨ ᠪᠣᠢ︖ ᠬᠠᠷᠢᠭᠤᠯᠲᠠ᠄ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ ᠠᠵᠤ ᠠᠬᠤᠶᠢᠯᠠᠯ ᠬᠢᠭᠡᠳ ᠠᠵᠢᠯᠲᠠᠳ ᠤᠨ ᠳᠡᠭᠡᠷ᠎ᠡ ᠣᠨ ᠤ ᠲᠤᠰᠢᠶᠠᠭᠰᠠᠨ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠤᠨ 50% ᠪᠠᠷ ᠪᠤᠴᠠᠭᠠᠨ ᠥᠭᠴᠦ᠂ ᠠᠵᠢᠯᠲᠠᠳ ᠤᠨ ᠠᠮᠢᠳᠤᠷᠠᠯ ᠤᠨ ᠨᠥᠬᠦᠪᠦᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠬᠤ᠂ ᠠᠵᠢᠯ ᠰᠢᠯᠵᠢᠭᠦᠯᠦᠨ ᠪᠣᠯᠪᠠᠰᠤᠷᠠᠭᠤᠯᠬᠤ ᠪᠠ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠪᠣᠯᠪᠠᠰᠤᠷᠠᠭᠤᠯᠤᠯ ᠵᠡᠷᠭᠡ ᠵᠠᠷᠤᠯᠭ᠎ᠠ ᠳᠤ ᠬᠡᠷᠡᠭᠯᠡᠨ᠎ᠡ᠃ ᠤᠷᠲᠤ ᠬᠤᠭᠤᠴᠠᠭ᠎ᠠ ᠪᠠᠷ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠵᠤ ᠠᠬᠤᠶᠢᠯᠠᠯ ᠳᠤ᠂ ᠠᠵᠤ ᠠᠬᠤᠶᠢᠯᠠᠯ ᠬᠢᠭᠡᠳ ᠠᠵᠢᠯᠲᠠᠳ ᠤᠨ ᠳᠡᠭᠡᠷ᠎ᠡ ᠣᠨ ᠤ ᠲᠤᠰᠢᠶᠠᠭᠰᠠᠨ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠤᠨ 60% ᠪᠠᠷ ᠪᠤᠴᠠᠭᠠᠨ ᠥᠭᠭᠦᠨ᠎ᠡ᠃ ᠦᠢᠯᠡᠳᠪᠦᠷᠢᠯᠡᠬᠦ ᠴᠢᠳᠠᠮᠵᠢ ᠶᠢ ᠨᠢ ᠪᠠᠭᠠᠰᠬᠠᠬᠤ ᠳᠤ ᠬᠤᠯᠪᠣᠭᠳᠠᠭᠰᠠᠨ ᠠᠵᠤ ᠠᠬᠤᠶᠢᠯᠠᠯ ᠳᠤ᠂ ᠠᠵᠤ ᠠᠬᠤᠶᠢᠯᠠᠯ ᠬᠢᠭᠡᠳ ᠠᠵᠢᠯᠲᠠᠳ ᠤᠨ ᠳᠡᠭᠡᠷ᠎ᠡ ᠣᠨ ᠤ ᠲᠤᠰᠢᠶᠠᠭᠰᠠᠨ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠤᠨ 80% ᠪᠠᠷ ᠪᠤᠴᠠᠭᠠᠨ ᠥᠭᠭᠦᠨ᠎ᠡ᠃ 2019 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠦᠢᠯᠡᠳᠪᠦᠷᠢᠯᠡᠯ ᠡᠵᠡᠩᠨᠡᠯᠲᠡ ᠨᠢ ᠲᠦᠷ ᠴᠠᠭ ᠤᠨ ᠴᠢᠨᠠᠷᠲᠠᠢ ᠬᠦᠴᠢᠷᠳᠡᠯ ᠳᠤ ᠲᠤᠯᠭᠠᠷᠠᠭᠰᠠᠨ ᠮᠥᠷᠲᠡᠭᠡᠨ ᠰᠡᠷᠭᠦᠨ ᠬᠥᠭᠵᠢᠬᠦ ᠪᠣᠯᠣᠮᠵᠢ ᠲᠠᠢ᠂ ᠠᠵᠢᠯᠲᠠᠳ ᠢᠶᠠᠨ ᠬᠠᠰᠤᠬᠤ ᠦᠭᠡᠢ ᠪᠤᠶᠤ ᠴᠥᠭᠡᠨ ᠬᠠᠰᠤᠬᠤ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ᠂ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠬᠤ ᠨᠥᠬᠦᠪᠦᠷᠢ ᠶᠢ ᠪᠤᠴᠠᠭᠠᠬᠤ ᠪᠠᠷᠢᠮᠵᠢᠶ᠎ᠠ ᠶᠢ ᠲᠤᠬᠠᠢ ᠶᠢᠨ ᠭᠠᠵᠠᠷ ᠤᠨ ᠰᠠᠷ᠎ᠠ ᠶᠢᠨ ᠬᠥᠮᠥᠨ ᠳᠤᠮᠳᠠᠴᠢ 6 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠪᠠ ᠳᠠᠭᠠᠳᠬᠠᠯ ᠳᠤ ᠣᠷᠣᠯᠴᠠᠭᠰᠠᠨ ᠠᠵᠢᠯᠲᠠᠨ ᠤ ᠲᠤᠭ᠎ᠠ ᠪᠠᠷ ᠲᠣᠭᠲᠠᠭᠠᠨ᠎ᠠ᠃ ᠡᠰᠡᠬᠦᠯ᠎ᠡ ᠠᠵᠤ ᠠᠬᠤᠶᠢᠯᠠᠯ ᠬᠢᠭᠡᠳ ᠠᠵᠢᠯᠲᠠᠳ ᠤᠨ ᠲᠤᠰᠢᠶᠠᠪᠠᠰᠤ ᠵᠣᠬᠢᠬᠤ 6 ᠰᠠᠷ᠎ᠠ ᠶᠢᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ 50% ᠶᠢᠨ ᠪᠠᠷᠢᠮᠵᠢᠶ᠎ᠠ ᠪᠠᠷ ᠲᠣᠭᠲᠠᠭᠠᠵᠤ᠂ ᠪᠣᠳᠠᠲᠠᠢ ᠪᠠᠷ ᠪᠤᠴᠠᠭᠠᠬᠤ ᠪᠠᠷᠢᠮᠵᠢᠶ᠎ᠠ ᠶᠢ ᠲᠤᠬᠠᠢ ᠶᠢᠨ ᠭᠠᠵᠠᠷ ᠤᠨ ᠲᠣᠭᠲᠠᠭᠠᠭᠰᠠᠨ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ ᠠᠷᠪᠠᠨ ᠭᠤᠷᠪᠠ᠂ ᠶᠠᠮᠠᠷ ᠶᠠᠮᠠᠷ ᠬᠥᠮᠥᠨ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠨᠥᠬᠦᠪᠦᠷᠢ ᠬᠦᠷᠲᠡᠬᠦ ᠪᠣᠢ︖ ᠬᠠᠷᠢᠭᠤᠯᠲᠠ᠄ ᠠᠵᠢᠯ ᠠᠯᠳᠠᠭᠰᠠᠨ ᠳᠠᠭᠠᠳᠬᠠᠯ ᠳᠤ ᠣᠷᠣᠯᠴᠠᠭᠠᠳ 36 ᠰᠠᠷ᠎ᠠ ︵36 ᠰᠠᠷ᠎ᠠ ᠶᠢ ᠪᠠᠭᠲᠠᠭᠠᠨ᠎ᠠ︶ ᠠᠴᠠ ᠳᠡᠭᠡᠭᠰᠢ ᠪᠣᠯᠵᠤ᠂ ᠲᠤᠬᠠᠶᠢᠯᠠᠭᠰᠠᠨ ᠠᠵᠢᠯ ᠤᠨ ᠬᠢᠷᠢ ᠭᠡᠮ ᠤᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠳᠡᠰ ᠤᠨ ᠦᠨᠡᠮᠯᠡᠯ ᠣᠯᠣᠭᠰᠠᠨ ᠠᠵᠤ ᠠᠬᠤᠶᠢᠯᠠᠯ ᠳᠤ ᠠᠵᠢᠯᠯᠠᠵᠤ ᠪᠠᠶᠢᠭ᠎ᠠ ᠠᠵᠢᠯᠲᠠᠳ ᠲᠤ᠂ ᠲᠤᠰ ᠲᠤᠰ 2000 ᠲᠥᠭᠦᠷᠢᠭ᠂ 1500 ᠲᠥᠭᠦᠷᠢᠭ ᠪᠠ 1000 ᠲᠥᠭᠦᠷᠢᠭ ᠤᠨ ᠨᠥᠬᠦᠪᠦᠷᠢ ᠥᠭᠭᠦᠨ᠎ᠡ᠃ 2019 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠠᠵᠤ ᠠᠬᠤᠶᠢᠯᠠᠯ ᠤᠨ ᠠᠵᠢᠯᠲᠠᠳ ᠤᠨ ᠳᠠᠭᠠᠳᠬᠠᠯ ᠳᠤ ᠣᠷᠣᠯᠴᠠᠭᠰᠠᠨ ᠣᠨ ᠤ ᠬᠢᠵᠠᠭᠠᠷ ᠢ ᠪᠦᠬᠦᠨ ᠢ 12 ᠰᠠᠷ᠎ᠠ ︵12 ᠰᠠᠷ᠎ᠠ ᠶᠢ ᠪᠠᠭᠲᠠᠭᠠᠨ᠎ᠠ︶ ᠪᠣᠯᠲᠠᠯ᠎ᠠ ᠤᠷᠲᠤᠳᠬᠠᠵᠤ ᠪᠣᠯᠣᠨ᠎ᠠ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号