ᠪᠤᠭ ᠮᠠᠯ ᠳᠤ ᠬᠦᠵᠡᠭᠡ ᠬᠦᠭᠡᠭᠡᠬᠦ ᠭᠡᠮ ᠲᠤᠰᠪᠠᠯ ᠶᠠᠮᠠᠷ ᠰᠢᠨᠵᠢ ᠲᠡᠮᠳᠡᠭ ᠢᠯᠡᠷᠡᠬᠦ ᠪᠤᠢ
ᠨᠡᠶᠢᠲᠡᠯᠡᠭᠰᠡᠨ ᠴᠠᠭ᠄
2020/6/8
   ᠬᠤᠨᠢ ᠢᠮᠠᠭᠠᠨ ᠤ ᠭᠦᠵᠡᠭᠡ ᠬᠦᠭᠡᠭᠡᠬᠦ ᠡᠪᠡᠳᠴᠢᠨ ᠢ ᠪᠠᠰᠠ ᠲᠦᠷᠭᠡᠨ ᠴᠢᠨᠠᠷ ᠲᠠᠢ ᠲᠡᠯᠡᠬᠦ ᠡᠪᠡᠳᠴᠢᠨ ᠭᠡᠳᠡᠭ᠃ ᠤᠯᠠᠩᠬᠢ ᠳᠠᠭᠠᠨ ᠢᠯᠵᠢᠷᠡᠵᠦ ᠨᠢᠭᠰᠢᠭᠰᠡᠨ ᠡᠪᠡᠰᠦ ᠪᠤᠷᠳᠤᠭ᠎ᠠ᠂ ᠠᠮᠲᠠᠲᠤ ᠲᠦᠮᠦᠰᠦ ᠶᠢᠨ ᠨᠠᠪᠴᠢ᠂ ᠬᠤᠸᠠᠱᠧᠩ ᠤᠨ ᠨᠠᠪᠴᠢ ᠵᠡᠷᠭᠡ ᠶᠢ ᠢᠳᠡᠬᠦ ᠪᠤᠶᠤ ᠴᠠᠷᠳᠠᠭᠤᠯ ᠤᠨ ᠡᠭᠡᠳᠡᠩ᠂ ᠴᠠᠷᠳᠠᠭᠤᠯ ᠤᠨ ᠰᠢᠪᠬᠠᠷᠤᠤ ᠶᠢᠨ ᠬᠡᠮᠵᠢᠶ᠎ᠡ ᠶᠢ ᠬᠡᠲᠦᠷᠡᠭᠦᠯᠦᠭᠰᠡᠨ ᠠᠴᠠ ᠭᠦᠵᠡᠭᠡᠨ ᠳᠤᠨᠢ ᠬᠤᠷᠠᠮᠳᠤᠭᠠᠳ ᠶᠡᠭᠡ ᠬᠡᠮᠵᠢᠶᠡᠨ ᠤ ᠬᠡᠢ ᠪᠡᠶᠡᠲᠦ ᠡᠭᠦᠰᠭᠡᠬᠦ ᠠᠴᠠ ᠪᠤᠯᠳᠠᠭ᠃ ᠲᠤᠰ ᠡᠪᠡᠳᠴᠢᠨ ᠲᠤᠰᠪᠠᠯ ᠬᠡᠪᠡᠯᠢ ᠨᠢ ᠮᠠᠰᠢ ᠲᠦᠷᠭᠡᠨ ᠬᠦᠭᠡᠭᠡᠨ ᠲᠤᠮᠤᠷᠠᠵᠤ ᠭᠦᠳᠦ᠋ᠢᠬᠦ ᠪᠠ ᠡᠪᠡᠳᠬᠦ ᠳᠡᠭᠡᠨ ᠬᠤᠶᠢᠲᠤ ᠮᠦᠴᠢ ᠪᠠᠷ ᠢᠶᠠᠨ ᠭᠡᠳᠡᠰᠦ ᠪᠠᠨ ᠢᠰᠭᠦᠯᠦᠨ᠎ᠡ᠃ ᠵᠠᠷᠢᠮ ᠳᠠᠭᠠᠨ ᠪᠠᠶᠢᠨ ᠪᠠᠶᠢᠨ ᠬᠡᠪᠡᠯᠢ ᠪᠠᠨ ᠡᠷᠬᠢᠵᠦ ᠬᠠᠷᠠᠨ᠎ᠠ ︵ᠲᠠᠰᠤᠷᠠᠯᠲᠠ ᠦᠭᠡᠢ ᠮᠠᠶᠢᠯᠠᠨ᠎ᠠ︶᠃ ᠬᠡᠪᠡᠯᠢ ᠶᠢ ᠨᠢ ᠲᠡᠮᠲᠡᠷᠢᠬᠦ ᠳᠤ ᠶᠡᠭᠡ ᠬᠠᠲᠠᠭᠤ ᠪᠦᠭᠡᠳ ᠬᠠᠷᠢᠮᠠᠬᠠᠢ ᠴᠢᠨᠠᠷ ᠲᠠᠢ᠂ ᠴᠢᠩᠨᠠᠵᠤ ᠦᠵᠡᠪᠡᠯ ᠭᠦᠵᠡᠭᠡ ᠶᠢᠨ ᠬᠦᠷᠪᠡᠯᠵᠡᠯᠲᠡ ᠶᠢᠨ ᠠᠪᠢᠶ᠎ᠠ ᠨᠢ ᠲᠤᠩ ᠳᠤᠤᠷ᠎ᠠ ᠪᠤᠶᠤ ᠰᠤᠨᠤᠰᠳᠠᠬᠤ ᠦᠭᠡᠢ ᠪᠠᠶᠢᠳᠠᠭ᠃ ᠪᠠᠰᠠ ᠠᠮᠢᠰᠬᠤᠬᠤ ᠳᠤ ᠬᠦᠴᠢᠷᠳᠡᠵᠦ᠂ ᠰᠠᠯᠢᠰᠤᠲᠤ ᠪᠦᠷᠭᠦᠪᠴᠢ ᠨᠢ ᠬᠠᠳᠠᠨ᠎ᠠ᠃ ᠭᠡᠪᠡᠴᠦ ᠪᠡᠶ᠎ᠡ ᠶᠢᠨ ᠳᠤᠯᠠᠭᠠᠨ ᠤ ᠬᠤᠪᠢᠷᠠᠯᠲᠠ ᠨᠢ ᠲᠡᠶᠢᠮᠦ ᠶᠡᠭᠡ ᠪᠢᠰᠢ᠃ ︵ᠢᠷᠡᠯᠲᠡ ᠄ ᠰᠠᠨ᠎ᠠ ᠶᠢᠨ ᠨᠠᠶᠢᠷᠡᠭᠤᠯᠤᠭᠰᠠᠨ ︽ᠮᠠᠯ ᠵᠢᠭᠦᠷᠲᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠰᠠᠭᠤᠯᠲᠠ ᠬᠠᠷᠢᠭᠤᠯᠲᠠ ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号