ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠭᠤᠷᠪᠠ︶
ᠨᠡᠶᠢᠲᠡᠯᠡᠭᠰᠡᠨ ᠴᠠᠭ᠄
2020/6/9
       ᠲᠠᠪᠤ᠂ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠦᠭᠰᠡᠨ ᠬᠥᠮᠥᠰ ᠶᠠᠮᠠᠷ ᠪᠠᠶᠢᠳᠠᠯ ᠳᠣᠣᠷ᠎ᠠ ᠠᠵᠢᠯ ᠠᠯᠳᠠᠭᠰᠠᠨ ᠳᠠᠩᠰᠠᠯᠠᠭᠤᠯᠤᠯᠲᠠ ᠪᠠᠨ ᠬᠦᠴᠦᠨ ᠦᠭᠡᠢ ᠪᠣᠯᠭᠠᠬᠤ ᠭᠠᠷᠳᠠᠮ ᠢ ᠭᠦᠢᠴᠡᠳᠬᠡᠬᠦ ᠬᠡᠷᠡᠭᠲᠡᠢ ᠪᠣᠢ︖ ᠬᠠᠷᠢᠭᠤᠯᠲᠠ᠄ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠦᠭᠰᠡᠨ ᠬᠥᠮᠥᠰ ᠲᠤ ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠂ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ᠢ ᠬᠠᠷᠭᠤᠭᠤᠯᠤᠨ ᠲᠠᠷᠬᠠᠭᠠᠭᠰᠠᠨ ᠪᠠᠶᠢᠭᠤᠯᠤᠮᠵᠢ ᠳᠤ ᠦᠨᠡᠨ ᠪᠣᠳᠠᠲᠠᠢ ᠪᠠᠷ ᠮᠡᠳᠡᠭᠦᠯᠵᠦ᠂ ᠬᠠᠷᠭᠤᠭᠤᠯᠤᠨ ᠲᠠᠷᠬᠠᠭᠠᠭᠰᠠᠨ ᠪᠠᠶᠢᠭᠤᠯᠤᠮᠵᠢ ᠠᠴᠠ ᠲᠡᠭᠦᠨ ᠤ ᠠᠵᠢᠯ ᠠᠯᠳᠠᠭᠰᠠᠨ ᠳᠠᠩᠰᠠᠯᠠᠭᠤᠯᠤᠯᠲᠠ ᠶᠢ ᠬᠦᠴᠦᠨ ᠦᠭᠡᠢ ᠪᠣᠯᠭᠠᠬᠤ ᠬᠡᠷᠡᠭᠲᠡᠢ᠄ 1. ᠬᠥᠮᠥᠨ ᠬᠡᠷᠡᠭᠯᠡᠬᠦ ᠨᠢᠭᠡᠴᠢ ᠳᠤ ᠨᠢᠭᠡᠨᠲᠡ ᠡᠯᠰᠡᠭᠳᠡᠭᠰᠡᠨ︔ 2. ᠬᠤᠪᠢ ᠶᠢᠨ ᠡᠵᠡᠩᠨᠡᠯᠲᠡ ᠡᠷᠬᠢᠯᠡᠭᠰᠡᠨ ᠪᠤᠶᠤ ᠠᠵᠤ ᠠᠬᠤᠶᠢᠯᠠᠯ ᠨᠡᠭᠡᠭᠡᠨ ᠡᠷᠬᠢᠯᠡᠭᠰᠡᠨ ᠤ ᠬᠠᠮᠲᠤ᠂ ᠠᠵᠤ ᠦᠢᠯᠡᠳᠪᠦᠷᠢ ᠬᠤᠳᠠᠯᠳᠤᠭᠠᠨ ᠤ ᠦᠨᠡᠮᠯᠡᠯ ᠠᠪᠤᠭᠰᠠᠨ︔ 3. ᠨᠢᠭᠡᠨᠲᠡ ᠲᠣᠭᠲᠠᠪᠤᠷᠢᠲᠠᠢ ᠣᠷᠣᠯᠭ᠎ᠠ ᠲᠠᠢ ᠬᠥᠳᠡᠯᠮᠦᠷᠢ ᠬᠦᠴᠦᠨ ᠤ ᠠᠵᠢᠯ ᠬᠢᠭᠰᠡᠨ ᠤ ᠬᠠᠮᠲᠤ᠂ ᠰᠠᠷ᠎ᠠ ᠶᠢᠨ ᠣᠷᠣᠯᠭ᠎ᠠ ᠨᠢ ᠲᠤᠬᠠᠢ ᠶᠢᠨ ᠭᠠᠵᠠᠷ ᠤᠨ ᠬᠠᠮᠤᠭ ᠤᠨ ᠳᠣᠣᠷ᠎ᠠ ᠴᠠᠯᠢᠩ ᠤᠨ ᠣᠷᠣᠯᠭ᠎ᠠ ᠶᠢᠨ ᠪᠠᠷᠢᠮᠵᠢᠶ᠎ᠠ ᠠᠴᠠ ᠳᠣᠣᠷ᠎ᠠ ᠦᠭᠡᠢ ᠪᠠᠶᠢᠬᠤ︔ 4. ᠨᠢᠭᠡᠨᠲᠡ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠬᠦᠷᠲᠡᠭᠰᠡᠨ ᠪᠤᠶᠤ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠠᠴᠠ ᠬᠡᠲᠦᠷᠡᠭᠰᠡᠨ︔ 5. ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ︔ 6. ᠰᠤᠷᠭᠠᠭᠤᠯᠢ ᠳᠤ ᠣᠷᠣᠭᠰᠠᠨ᠂ ᠴᠡᠷᠢᠭ ᠤᠨ ᠠᠯᠪᠠ ᠬᠠᠭᠠᠭᠰᠠᠨ᠂ ᠭᠠᠳᠠᠭᠠᠳᠤ ᠳᠤ ᠨᠡᠭᠦᠨ ᠰᠠᠭᠤᠷᠢᠰᠢᠭᠰᠠᠨ︔ 7. ᠭᠢᠨᠳᠠᠨ ᠳᠤ ᠬᠤᠷᠢᠬᠤ ᠰᠢᠢᠳᠬᠡᠯ ᠢ ᠬᠡᠷᠡᠭᠵᠢᠭᠦᠯᠬᠦ ᠪᠤᠶᠤ ᠬᠥᠳᠡᠯᠮᠦᠷᠢ ᠪᠠᠷ ᠵᠠᠰᠠᠨ ᠥᠭᠡᠷᠡᠴᠢᠯᠡᠬᠦ ᠪᠠᠷ ᠲᠣᠷᠭᠠᠭᠳᠠᠭᠰᠠᠨ︔ 8. ᠠᠵᠢᠯ ᠣᠯᠬᠤ ᠱᠠᠭᠠᠷᠳᠠᠯᠭ᠎ᠠ ᠪᠠᠨ ᠵᠣᠭᠰᠣᠭᠠᠭᠰᠠᠨ ᠪᠤᠶᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ 6 ᠰᠠᠷ᠎ᠠ ᠶᠢᠨ ᠳᠣᠲᠣᠷ᠎ᠠ 3 ᠤᠳᠠᠭ᠎ᠠ ᠲᠡᠪᠴᠢᠭᠰᠡᠨ︔ 9. ᠳᠠᠷᠠᠭᠠᠯᠠᠨ 6 ᠰᠠᠷ᠎ᠠ ᠳᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠲᠠᠢ ᠬᠠᠷᠢᠯᠴᠠᠭᠰᠠᠨ ᠦᠭᠡᠢ︔ 10 ᠠᠵᠢᠯ ᠣᠯᠣᠭᠰᠠᠨ ᠢ ᠳᠠᠩᠰᠠᠯᠠᠨ ᠲᠡᠮᠳᠡᠭᠯᠡᠭᠦᠯᠦᠭᠰᠡᠨ ᠪᠤᠰᠤᠳ ᠬᠥᠮᠥᠰ ᠪᠤᠶᠤ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠣᠭᠲᠠᠭᠠᠭᠰᠠᠨ ᠪᠤᠰᠤᠳ ᠪᠠᠶᠢᠳᠠᠯ᠃ ᠵᠢᠷᠭᠤᠭ᠎ᠠ᠂ ᠠᠵᠢᠯ ᠣᠯᠣᠭᠰᠠᠨ ᠪᠠ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠦᠭᠰᠡᠨ ᠤ ᠳᠠᠷᠠᠭ᠎ᠠ ᠠᠵᠢᠯ ᠣᠯᠭᠤᠵᠤ ᠲᠡᠳᠬᠦᠨ ᠳᠡᠮᠵᠢᠬᠦ ᠶᠠᠮᠠᠷ ᠶᠠᠮᠠᠷ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠬᠤ ᠪᠣᠢ︖ ᠬᠠᠷᠢᠭᠤᠯᠲᠠ᠄ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠦᠭᠰᠡᠨ ᠤ ᠳᠠᠷᠠᠭ᠎ᠠ ᠬᠤᠪᠢ ᠪᠠᠷ ᠢᠶᠠᠨ ᠭᠤᠶᠤᠴᠢᠯᠠᠬᠤ ᠪᠠᠷ ᠳᠠᠮᠵᠢᠨ ᠠᠵᠢᠯ ᠣᠯᠬᠤ ᠳᠤ ᠬᠦᠴᠢᠷᠳᠡᠯᠲᠡᠢ ᠬᠥᠮᠥᠰ ᠢᠶᠠᠷ ᠲᠣᠭᠲᠠᠭᠠᠭᠳᠠᠭᠰᠠᠨ ᠬᠥᠳᠡᠯᠮᠦᠷᠢᠯᠡᠭᠴᠢᠳ᠂ ᠠᠵᠢᠯ ᠣᠯᠣᠭᠰᠠᠨ ᠤ ᠬᠠᠮᠲᠤ ᠠᠵᠢᠯ ᠣᠯᠣᠭᠰᠠᠨ ᠢ ᠳᠠᠩᠰᠠᠯᠠᠨ ᠲᠡᠮᠳᠡᠭᠯᠡᠭᠦᠯᠦᠭᠰᠡᠨ ᠤ ᠳᠠᠷᠠᠭ᠎ᠠ ᠲᠣᠬᠢᠷᠠᠯᠴᠠᠭᠰᠠᠨ ᠨᠡᠶᠢᠭᠡᠮ ᠤᠨ ᠳᠠᠭᠠᠳᠬᠠᠯ ᠤᠨ ᠨᠡᠮᠡᠯᠭᠡ ᠶᠢᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠦᠭᠰᠡᠨ ᠤ ᠳᠠᠷᠠᠭ᠎ᠠ ᠬᠥᠳᠡᠯᠮᠦᠷᠢᠯᠡᠭᠴᠢᠳ ᠪᠣᠯᠪᠠᠰᠤᠷᠠᠭᠤᠯᠬᠤ᠂ ᠠᠵᠢᠯ ᠲᠠᠨᠢᠯᠴᠠᠭᠤᠯᠬᠤ ᠵᠡᠷᠭᠡ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠬᠦᠷᠲᠡᠵᠦ᠂ ᠨᠥᠬᠦᠴᠡᠯ ᠳᠤ ᠨᠡᠶᠢᠴᠡᠭᠰᠡᠨ ᠠᠵᠢᠯ ᠠᠯᠳᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠭᠤᠶᠤᠴᠢᠯᠠᠨ ᠠᠪᠴᠤ ᠪᠣᠯᠣᠨ᠎ᠠ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号