ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ | ︵ᠳᠥᠷᠪᠡ︶ | | ᠳᠣᠯᠤᠭ᠎ᠠ᠂ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ | ᠪᠤᠶᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠭᠡᠵᠦ ᠶᠠᠭᠤ ᠪᠣᠢ︖ ᠬᠠᠷᠢᠭᠤᠯᠲᠠ᠄ ︽ | ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ | ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠪᠣᠯ ᠬᠥᠳᠡᠯᠮᠦᠷᠢᠯᠡᠭᠴᠢᠳ ᠤᠨ ᠠᠵᠢᠯ ᠣᠯᠣᠭᠰᠠᠨ ᠪᠠ ᠠᠵᠢᠯ | ᠠᠯᠳᠠᠭᠰᠠᠨ ᠪᠠᠶᠢᠳᠠᠯ᠂ ᠠᠵᠢᠯ ᠣᠯᠭᠤᠵᠤ ᠲᠡᠳᠬᠦᠨ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠬᠦᠷᠲᠡᠭᠰᠡᠨ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠬᠦᠯᠢᠶᠡᠨ ᠠᠪᠤᠭᠰᠠᠨ ᠵᠡᠷᠭᠡ ᠪᠠᠶᠢᠳᠠᠯ ᠢ | ᠲᠡᠮᠳᠡᠭᠯᠡᠭᠰᠡᠨ ᠦᠨᠳᠦᠰᠦᠨ ᠠᠴᠢᠶᠠᠯᠠᠭᠴᠢ᠂ ᠬᠥᠳᠡᠯᠮᠦᠷᠢᠯᠡᠭᠴᠢᠳ ᠠᠴᠠ ᠲᠣᠭᠲᠠᠭᠠᠯ ᠶᠣᠰᠣᠭᠠᠷ ᠠᠵᠢᠯ ᠣᠯᠭᠤᠵᠤ | ᠲᠡᠳᠬᠦᠨ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠰᠡᠨ ᠪᠠ ᠣᠯᠠᠨ ᠨᠡᠶᠢᠲᠡ ᠶᠢᠨ ᠠᠵᠢᠯ | ᠣᠯᠭᠤᠬᠤ ᠦᠢᠯᠡᠴᠢᠯᠡᠭᠡ ᠶᠢ ᠬᠦᠯᠢᠶᠡᠨ ᠠᠪᠤᠭᠰᠠᠨ ᠬᠦᠴᠦᠨ ᠪᠦᠬᠦᠢ ᠭᠡᠷᠡᠴᠢ ᠦᠨᠡᠮᠯᠡᠯ ᠪᠠᠶᠢᠵᠤ᠂ ᠪᠦᠬᠦ | ᠤᠯᠤᠰ ᠲᠤ ᠨᠢᠭᠡᠳᠦᠯᠲᠡᠢ ᠶᠠᠩᠵᠤ ᠬᠡᠯᠪᠡᠷᠢ᠂ ᠨᠢᠭᠡᠳᠦᠯᠲᠡᠢ ᠳ᠋ᠤᠭᠠᠷᠯᠠᠯ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ︔ | ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ | ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠳᠤ ᠲᠡᠮᠳᠡᠭᠯᠡᠭᠰᠡᠨ ᠮᠡᠳᠡᠭᠡ ᠵᠠᠩᠭᠢ ᠨᠢ ᠪᠦᠬᠦ ᠤᠯᠤᠰ ᠤᠨ | ᠬᠡᠪᠴᠢᠶᠡᠨ ᠳᠤ ᠬᠦᠴᠦᠨ ᠲᠠᠢ ᠪᠠᠶᠢᠵᠤ᠂ ᠬᠥᠳᠡᠯᠮᠦᠷᠢᠯᠡᠭᠴᠢᠳ ︽ᠠᠵᠢᠯ ᠣᠯᠭᠤᠵᠤ ᠠᠳᠠᠯ ᠦᠢᠯᠡᠰ ᠪᠣᠰᠬᠠᠬᠤ | ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ | ᠢᠶᠠᠨ ᠪᠠᠷᠢᠵᠤ ᠭᠠᠵᠠᠷ ᠣᠷᠣᠨ ᠠᠯᠤᠰᠯᠠᠨ ᠤᠯᠤᠰ ᠠᠴᠠ ᠨᠢᠭᠡᠳᠦᠯᠲᠡᠢ ᠲᠣᠭᠲᠠᠭᠠᠭᠰᠠᠨ ᠠᠵᠢᠯ ᠣᠯᠭᠤᠵᠤ ᠲᠡᠳᠬᠦᠨ | ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃ ᠨᠠᠢᠮᠠ᠂ ᠶᠠᠮᠠᠷ ᠶᠠᠮᠠᠷ ᠬᠥᠮᠥᠨ ︽ | ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ | ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠢ ᠭᠤᠶᠤᠴᠢᠯᠠᠨ ᠠᠪᠴᠤ ᠪᠣᠯᠬᠤ ᠪᠣᠢ︖ ᠬᠠᠷᠢᠭᠤᠯᠲᠠ᠄ ︽ | ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ | ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠢ ᠲᠠᠷᠬᠠᠭᠠᠬᠤ ᠬᠡᠪᠴᠢᠶ᠎ᠡ ᠳᠤ ᠳᠣᠣᠷᠠᠬᠢ ᠬᠡᠳᠦᠨ ᠲᠠᠯ᠎ᠠ ᠶᠢ | ᠪᠠᠭᠲᠠᠨ᠎ᠠ᠄ 1. ᠠᠵᠢᠯ ᠠᠯᠳᠠᠭᠰᠠᠨ ᠪᠠ ᠠᠵᠢᠯ ᠣᠯᠣᠭᠰᠠᠨ ᠢ ᠳᠠᠩᠰᠠᠯᠠᠨ ᠲᠡᠮᠳᠡᠭᠯᠡᠭᠦᠯᠦᠭᠰᠡᠨ ᠬᠥᠳᠡᠯᠮᠦᠷᠢᠯᠡᠭᠴᠢᠳ︔ | 2. ᠠᠵᠢᠯ ᠣᠯᠭᠤᠬᠤ ᠲᠤᠰᠠᠯᠠᠮᠵᠢ ᠬᠦᠷᠲᠡᠭᠡᠬᠦ ᠡᠲᠡᠭᠡᠳ ᠢᠶᠠᠷ ᠨᠤᠲᠠᠯᠠᠨ ᠲᠣᠭᠲᠠᠭᠠᠭᠳᠠᠭᠰᠠᠨ ᠬᠥᠳᠡᠯᠮᠦᠷᠢᠯᠡᠭᠴᠢᠳ | ︔ 3. ᠠᠵᠢᠯ ᠣᠯᠭᠤᠵᠤ ᠲᠡᠳᠬᠦᠨ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠰᠡᠨ | ᠬᠥᠳᠡᠯᠮᠦᠷᠢᠯᠡᠭᠴᠢᠳ︔ 4. ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠣᠭᠲᠠᠭᠠᠭᠰᠠᠨ ᠬᠡᠪᠴᠢᠶᠡᠨ ᠳᠠᠬᠢ ᠪᠤᠰᠤᠳ ᠬᠥᠳᠡᠯᠮᠦᠷᠢᠯᠡᠭᠴᠢᠳ᠃ |