| | ᠠᠷᠪᠠᠨ ᠭᠤᠷᠪᠠ᠂ ᠬᠤᠲᠠ ᠪᠠᠯᠭᠠᠰᠤ ᠶᠢᠨ ᠠᠵᠢᠯ ᠲᠠᠢ ᠬᠥᠮᠥᠨ ᠦᠭᠡᠢ ᠭᠡᠷ ᠪᠦᠯᠢ ᠭᠡᠵᠦ ᠶᠠᠭᠤ ᠪᠣᠢ︖ | ᠬᠠᠷᠢᠭᠤᠯᠲᠠ᠄ ᠬᠤᠲᠠ ᠪᠠᠯᠭᠠᠰᠤ ᠶᠢᠨ ᠠᠵᠢᠯ ᠲᠠᠢ ᠬᠥᠮᠥᠨ ᠦᠭᠡᠢ ᠭᠡᠷ ᠪᠦᠯᠢ ᠭᠡᠳᠡᠭ ᠨᠢ ᠬᠤᠲᠠ ᠪᠠᠯᠭᠠᠰᠤ ᠶᠢᠨ | ᠭᠡᠷ ᠪᠦᠯᠢ ᠶᠢᠨ ᠳᠣᠲᠣᠷ᠎ᠠ᠂ ᠬᠠᠤᠯᠢ ᠪᠠᠷ ᠲᠣᠭᠲᠠᠭᠠᠭᠰᠠᠨ ᠪᠣᠢ ᠪᠦᠬᠦᠢ ᠬᠥᠳᠡᠯᠮᠦᠷᠢᠯᠡᠬᠦ ᠨᠠᠰᠤᠨ ᠳᠤ᠂ | ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠬᠦᠰᠡᠯ ᠡᠷᠡᠮᠡᠯᠵᠡᠯ ᠲᠠᠢ ᠭᠡᠷ ᠪᠦᠯᠢ ᠶᠢᠨ ᠭᠡᠰᠢᠭᠦᠳ ᠨᠢ ᠪᠦᠷ | ᠠᠵᠢᠯ ᠠᠯᠳᠠᠭᠰᠠᠨ ᠪᠠᠶᠢᠳᠠᠯ ᠳᠤ ᠣᠷᠣᠰᠢᠵᠤ ᠪᠠᠶᠢᠬᠤ ᠪᠠᠷ ᠪᠠᠷᠠᠬᠤ ᠦᠭᠡᠢ᠂ ᠡᠵᠡᠩᠨᠡᠯᠲᠡ ᠶᠢᠨ ᠴᠢᠨᠠᠷᠲᠠᠢ ᠪᠠ ᠪᠡᠯᠡ | ᠣᠷᠣᠭᠤᠯᠤᠯᠲᠠ ᠶᠢᠨ ᠴᠢᠨᠠᠷᠲᠠᠢ ᠣᠷᠣᠯᠭ᠎ᠠ ᠦᠭᠡᠢ ᠭᠡᠷ ᠪᠦᠯᠢ ᠶᠢ ᠵᠢᠭᠠᠵᠤ ᠪᠠᠶᠢᠨ᠎ᠠ᠃ ᠠᠷᠪᠠᠨ ᠳᠥᠷᠪᠡ᠂ ᠬᠤᠲᠠ | ᠪᠠᠯᠭᠠᠰᠤ ᠶᠢᠨ ᠠᠵᠢᠯ ᠲᠠᠢ ᠬᠥᠮᠥᠨ ᠦᠭᠡᠢ ᠭᠡᠷ ᠪᠦᠯᠢ ᠬᠡᠷᠬᠢᠨ ᠭᠤᠶᠤᠴᠢᠯᠠᠨ ᠮᠡᠳᠡᠭᠦᠯᠬᠦ ᠪᠣᠢ︖ ᠬᠠᠷᠢᠭᠤᠯᠲᠠ᠄ | 1. ᠭᠡᠷ ᠪᠦᠯᠢ ᠶᠢᠨ ᠭᠡᠰᠢᠭᠦᠳ ᠠᠴᠠ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠢᠶᠠᠨ ᠠᠪᠴᠤ ᠰᠠᠭᠤᠭ᠎ᠠ | ᠭᠠᠵᠠᠷ ᠤᠨ ᠢᠶᠠᠨ ᠪᠠᠶᠢᠭ᠎ᠠ ᠨᠡᠶᠢᠭᠡᠮ ᠲᠣᠭᠤᠷᠢᠭ ᠤᠨ ᠬᠥᠳᠡᠯᠮᠦᠷᠢ ᠪᠠᠲᠤᠯᠠᠭ᠎ᠠ ᠶᠢᠨ ᠠᠵᠢᠯ ᠤᠨ ᠥᠷᠲᠡᠭᠡ ᠳᠤ | ᠬᠦᠷᠴᠦ ᠭᠤᠶᠤᠴᠢᠯᠠᠯ ᠭᠠᠷᠭᠠᠨ᠂ ︽ᠠᠵᠢᠯ ᠲᠠᠢ ᠬᠥᠮᠥᠨ ᠦᠭᠡᠢ ᠭᠡᠷ ᠪᠦᠯᠢ ᠶᠢᠨ ᠭᠤᠶᠤᠴᠢᠯᠠᠯ ᠢ ᠮᠠᠭᠠᠳᠯᠠᠨ | ᠲᠣᠭᠲᠠᠭᠠᠬᠤ ᠬᠦᠰᠦᠨᠦᠭ︾ ᠢ ᠲᠠᠭᠯᠠᠬᠤ ᠶᠢᠨ ᠬᠠᠮᠲᠤ᠂ ︽ᠡᠷᠦᠬᠡ ᠶᠢᠨ ᠠᠮᠠ ᠶᠢᠨ ᠳᠡᠪᠲᠡᠷ︾᠂ ︽ᠰᠠᠭᠤᠭᠠᠯᠢ | ᠠᠷᠠᠳ ᠤᠨ ᠪᠡᠶ᠎ᠡ ᠶᠢᠨ ᠦᠨᠡᠮᠯᠡᠯ︾ ᠤᠨ ᠢᠶᠠᠨ ᠤᠭ ᠮᠠᠲ᠋ᠧᠷᠢᠶᠠᠯ ᠬᠢᠭᠡᠳ ᠬᠠᠭᠤᠯᠪᠤᠷᠢ᠂ ᠵᠢᠴᠢ ᠭᠡᠷ ᠪᠦᠯᠢ ᠶᠢᠨ | ᠭᠡᠰᠢᠭᠦᠳ ᠤᠨ ᠢᠶᠠᠨ ᠪᠣᠳᠠᠲᠤ ᠪᠠᠶᠢᠳᠠᠯ ᠤᠨ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ ᠢ ᠲᠤᠰᠢᠶᠠᠨ᠎ᠠ︔ ᠬᠤᠲᠠ | ᠪᠠᠯᠭᠠᠰᠤ ᠶᠢᠨ ᠰᠠᠭᠤᠭᠠᠯᠢ ᠠᠷᠠᠳ ᠤᠨ ᠬᠠᠮᠤᠭ ᠤᠨ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠬᠠᠷᠠᠭᠠᠯᠵᠠᠯ ᠢ | ᠬᠦᠷᠲᠡᠵᠦ ᠪᠠᠶᠢᠭ᠎ᠠ ᠭᠡᠷ ᠪᠦᠯᠢ ᠶᠢᠨ ᠬᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠭᠤᠭᠤᠯᠤᠨ | ᠲᠠᠷᠬᠠᠭᠠᠭᠰᠠᠨ ᠭᠡᠷᠡᠴᠢᠯᠡᠭᠡ ᠶᠢ ᠲᠤᠰᠢᠶᠠᠬᠤ ᠬᠡᠷᠡᠭᠲᠡᠢ︔ 2. ᠨᠡᠶᠢᠭᠡᠮ ᠲᠣᠭᠤᠷᠢᠭ ᠤᠨ ᠬᠥᠳᠡᠯᠮᠦᠷᠢ ᠪᠠᠲᠤᠯᠠᠭ᠎ᠠ ᠶᠢᠨ | ᠠᠵᠢᠯ ᠤᠨ ᠥᠷᠲᠡᠭᠡ ᠠᠴᠠ ᠭᠤᠶᠤᠴᠢᠯᠠᠭᠴᠢ ᠶᠢᠨ ᠳᠠᠩᠰᠠᠯᠠᠨ ᠲᠡᠮᠳᠡᠭᠯᠡᠭᠦᠯᠦᠭᠰᠡᠨ ᠡᠳᠦᠷ ᠠᠴᠠ ᠡᠬᠢᠯᠡᠨ 5 | ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠬᠤ ᠪᠠ ᠨᠡᠶᠢᠲᠡ ᠳᠤ ᠵᠠᠷᠯᠠᠬᠤ ᠠᠯᠬᠤᠮ ᠳᠠᠷᠠᠭᠠᠯᠠᠯ ︵ | ᠨᠡᠶᠢᠲᠡ ᠳᠤ ᠵᠠᠷᠯᠠᠬᠤ ᠴᠠᠭ ᠨᠢ 3 ᠡᠳᠦᠷ︶ ᠢ ᠪᠡᠶᠡᠯᠡᠭᠦᠯᠬᠦ ᠶᠢᠨ ᠬᠠᠮᠲᠤ᠂ ︽ᠠᠵᠢᠯ ᠲᠠᠢ ᠬᠥᠮᠥᠨ ᠦᠭᠡᠢ ᠭᠡᠷ | ᠪᠦᠯᠢ ᠶᠢᠨ ᠭᠤᠶᠤᠴᠢᠯᠠᠯ ᠢ ᠮᠠᠭᠠᠳᠯᠠᠨ ᠲᠣᠭᠲᠠᠭᠠᠬᠤ ᠬᠦᠰᠦᠨᠦᠭ︾ ᠳᠡᠭᠡᠷ᠎ᠡ ᠬᠢᠨᠠᠨ ᠬᠠᠷᠭᠤᠭᠤᠯᠤᠭᠰᠠᠨ ᠰᠠᠨᠠᠯ ᠢᠶᠠᠨ | ᠪᠢᠴᠢᠵᠦ ᠲᠠᠮᠠᠭ᠎ᠠ ᠳᠠᠷᠤᠭᠰᠠᠨ ᠤ ᠳᠠᠷᠠᠭ᠎ᠠ᠂ ᠵᠡᠭᠡᠯᠢ ᠭᠤᠳᠤᠮᠵᠢ ︵ᠰᠢᠶᠠᠩ᠂ ᠪᠠᠯᠭᠠᠰᠤ᠂ ᠰᠤᠮᠤ︶ ᠶᠢᠨ ᠬᠥᠳᠡᠯᠮᠦᠷᠢ | ᠪᠠᠲᠤᠯᠠᠭ᠎ᠠ ᠶᠢᠨ ᠶᠠᠪᠤᠳᠠᠯ ᠤᠨ ᠭᠠᠵᠠᠷ ᠲᠤ ᠮᠡᠳᠡᠭᠦᠯᠬᠦ ᠬᠡᠷᠡᠭᠲᠡᠢ︔ 3. ᠵᠡᠭᠡᠯᠢ ᠭᠤᠳᠤᠮᠵᠢ ︵ᠰᠢᠶᠠᠩ᠂ ᠪᠠᠯᠭᠠᠰᠤ᠂ | ᠰᠤᠮᠤ︶ ᠶᠢᠨ ᠬᠥᠳᠡᠯᠮᠦᠷᠢ ᠪᠠᠲᠤᠯᠠᠭ᠎ᠠ ᠶᠢᠨ ᠶᠠᠪᠤᠳᠠᠯ ᠤᠨ ᠭᠠᠵᠠᠷ ᠠᠴᠠ ᠨᠡᠶᠢᠭᠡᠮ ᠲᠣᠭᠤᠷᠢᠭ ᠤᠨ ᠳᠡᠪᠰᠢᠭᠦᠯᠦᠨ | ᠮᠡᠳᠡᠭᠦᠯᠦᠭᠰᠡᠨ ᠠᠵᠢᠯ ᠲᠠᠢ ᠬᠥᠮᠥᠨ ᠦᠭᠡᠢ ᠭᠡᠷ ᠪᠦᠯᠢ ᠶᠢ ᠬᠢᠨᠠᠨ ᠬᠠᠷᠭᠤᠭᠤᠯᠬᠤ ᠠᠵᠢᠯ ᠢ 2 ᠠᠵᠢᠯᠯᠠᠬᠤ | ᠡᠳᠦᠷ ᠤᠨ ᠳᠣᠲᠣᠷ᠎ᠠ ᠪᠡᠶᠡᠯᠡᠭᠦᠯᠵᠦ᠂ ᠨᠥᠬᠦᠴᠡᠯ ᠳᠤ ᠨᠡᠶᠢᠴᠡᠭᠰᠡᠨ ᠢ ᠨᠢ ᠬᠤᠰᠢᠭᠤ ᠰᠢᠶᠠᠨ ︵ᠲᠣᠭᠤᠷᠢᠭ︶ ᠤ | ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ᠂ 3 ᠠᠵᠢᠯᠯᠠᠬᠤ | ᠡᠳᠦᠷ ᠤᠨ ᠳᠣᠲᠣᠷ᠎ᠠ ᠨᠤᠲᠠᠯᠠᠨ ᠲᠣᠭᠲᠠᠭᠠᠬᠤ ᠠᠵᠢᠯ ᠢ ᠪᠡᠶᠡᠯᠡᠭᠦᠯᠦᠨ᠎ᠡ᠃ |