| | ᠠᠷᠪᠠᠨ ᠲᠠᠪᠤ᠂ ᠠᠵᠢᠯ ᠲᠠᠢ ᠬᠥᠮᠥᠨ ᠦᠭᠡᠢ ᠭᠡᠷ ᠪᠦᠯᠢ ᠳᠤ ᠴᠢᠭᠯᠡᠭᠦᠯᠦᠭᠰᠡᠨ ᠠᠵᠢᠯ ᠣᠯᠭᠤᠵᠤ ᠬᠠᠪᠰᠤᠷᠤᠨ | ᠳᠡᠮᠵᠢᠬᠦ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠢ︖ ᠬᠠᠷᠢᠭᠤᠯᠲᠠ᠄ 1. ᠨᠢᠭᠡ ᠨᠢᠭᠡ ᠪᠠᠷ ᠳᠠᠭᠠᠭᠠᠨ ᠠᠪᠴᠤ | ᠬᠠᠪᠰᠤᠷᠤᠨ ᠳᠡᠮᠵᠢᠬᠦ ᠶᠢ ᠥᠷᠨᠢᠭᠦᠯᠦᠨ᠎ᠡ᠃ ︽ᠨᠢᠭᠡ ᠭᠡᠷ ᠪᠦᠯᠢ ᠳᠤ ᠨᠢᠭᠡ ᠵᠦᠢᠯ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ᠂ ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ ᠠᠪᠬᠤ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ︽ | ᠨᠢᠭᠡ ᠬᠥᠮᠥᠨ ᠨᠢᠭᠡ ᠡᠷᠦᠬᠡ ᠶᠢ ᠬᠠᠪᠰᠤᠷᠤᠨ ᠳᠡᠮᠵᠢᠬᠦ︾ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ | ᠬᠠᠪᠰᠤᠷᠤᠨ ᠳᠡᠮᠵᠢᠬᠦ ᠬᠠᠷᠢᠭᠤᠴᠠᠯᠭᠠᠲᠠᠨ ᠪᠠ ᠬᠠᠪᠰᠤᠷᠤᠨ ᠳᠡᠮᠵᠢᠬᠦ ᠡᠲᠡᠭᠡᠳ ᠢ ᠪᠣᠳᠠᠲᠠᠢ ᠪᠠᠷ ᠲᠣᠳᠣᠷᠬᠠᠶᠢᠯᠠᠵᠤ᠂ | ᠬᠤᠶᠠᠷ ᠲᠠᠯ᠎ᠠ ᠪᠠᠷ ᠢᠶᠠᠨ ᠬᠤᠯᠪᠣᠭᠠᠰᠤ ᠪᠠᠶᠢᠭᠤᠯᠤᠨ ᠬᠠᠪᠰᠤᠷᠤᠨ ᠳᠡᠮᠵᠢᠬᠦ ᠬᠡᠯᠡᠯᠴᠡᠭᠡᠷ ᠲᠣᠭᠲᠠᠨ᠎ᠠ᠃ 2. | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠠᠩᠭᠠᠨ᠎ᠠ᠃ ᠴᠠᠭ ᠨᠢ ᠣᠬᠤᠷ᠂ ᠦᠷ᠎ᠡ ᠪᠦᠲᠦᠮᠵᠢ ᠭᠠᠷᠭᠠᠬᠤ ᠳᠤ | ᠲᠦᠷᠭᠡᠨ ᠵᠠᠷᠢᠮ ᠬᠡᠷᠡᠭᠯᠡᠭᠦᠰᠢᠲᠡᠢ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ | ᠣᠷᠣᠯᠴᠠᠭᠤᠯᠵᠤ᠂ ᠨᠢᠭᠡ ᠲᠥᠷᠥᠯ ᠤᠨ ᠮᠡᠷᠭᠡᠵᠢᠯ ᠴᠢᠳᠠᠪᠤᠷᠢ ᠶᠢ ᠡᠵᠡᠮᠰᠢᠭᠦᠯᠦᠨ᠂ ᠠᠵᠢᠯ ᠣᠯᠭᠤᠬᠤ ᠶᠢ ᠠᠯᠢ | ᠲᠦᠷᠭᠡᠨ ᠢᠶᠠᠷ ᠪᠡᠶᠡᠯᠡᠭᠦᠯᠦᠨ᠎ᠡ᠃ 3. ᠳᠣᠣᠷ᠎ᠠ ᠳᠠᠪᠬᠤᠷᠭ᠎ᠠ ᠠᠴᠠ ᠲᠣᠬᠢᠷᠠᠭᠤᠯᠬᠤ ᠶᠢ ᠬᠡᠷᠡᠭᠵᠢᠭᠦᠯᠦᠨ᠎ᠡ᠃ ᠵᠠᠬ᠎ᠠ | ᠳᠡᠯᠭᠡᠭᠦᠷ ᠢᠶᠠᠷ ᠳᠠᠮᠵᠢᠨ ᠠᠵᠢᠯ ᠣᠯᠭᠤᠬᠤ ᠶᠢ ᠪᠡᠶᠡᠯᠡᠭᠦᠯᠬᠦ ᠳᠤ ᠬᠦᠴᠢᠷᠲᠡᠢ ᠬᠥᠮᠥᠰ ᠢ ᠣᠯᠠᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠳᠣᠣᠷ᠎ᠠ ᠳᠠᠪᠬᠤᠷᠭ᠎ᠠ ᠠᠴᠠ ᠲᠣᠬᠢᠷᠠᠭᠤᠯᠵᠤ ᠪᠣᠯᠣᠨ᠎ᠠ᠃ 4. | ᠵᠠᠰᠠᠭ ᠤᠨ ᠣᠷᠳᠣᠨ ᠠᠴᠠ ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ ᠶᠢ ᠲᠡᠳᠬᠦᠨ ᠳᠡᠮᠵᠢᠨ᠎ᠡ᠃ ᠠᠳᠠᠯ | ᠦᠢᠯᠡᠰ ᠪᠣᠰᠬᠠᠬᠤ ᠬᠦᠰᠡᠯ ᠡᠷᠡᠮᠡᠯᠵᠡᠯ ᠲᠠᠢ ᠮᠥᠷᠲᠡᠭᠡᠨ ᠵᠣᠬᠢᠬᠤ ᠨᠥᠬᠦᠴᠡᠯ ᠢ ᠪᠦᠷᠢᠳᠦᠭᠦᠯᠦᠭᠰᠡᠨ ᠪᠣᠯ᠂ ᠲᠡᠭᠦᠨ ᠤ | ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ ᠶᠢ ᠬᠠᠪᠰᠤᠷᠤᠨ ᠳᠡᠮᠵᠢᠬᠦ ᠪᠠᠷ ᠳᠠᠮᠵᠢᠭᠤᠯᠵᠤ ᠠᠵᠢᠯ ᠣᠯᠭᠤᠬᠤ ᠶᠢ | ᠪᠡᠶᠡᠯᠡᠭᠦᠯᠦᠨ᠎ᠡ᠃ ᠠᠷᠪᠠᠨ ᠵᠢᠷᠭᠤᠭ᠎ᠠ᠂ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠭᠡᠵᠦ | ᠶᠠᠭᠤ ᠪᠣᠢ︖ ᠬᠠᠷᠢᠭᠤᠯᠲᠠ᠄ 1. ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠭᠡᠳᠡᠭ | ᠪᠣᠯ ᠠᠵᠢᠯ ᠣᠯᠬᠤ ᠳᠤ ᠬᠦᠴᠢᠷᠲᠡᠢ ᠬᠥᠮᠥᠰ ᠢ ᠲᠣᠬᠢᠷᠠᠭᠤᠯᠤᠨ ᠲᠥᠪᠬᠢᠨᠡᠭᠦᠯᠬᠦ ᠪᠠᠷ ᠬᠠᠷᠠᠯᠲᠠ ᠪᠣᠯᠭᠠᠨ᠂ | ᠵᠠᠰᠠᠭ ᠤᠨ ᠣᠷᠳᠣᠨ ᠢᠶᠠᠷ ᠪᠡᠯᠡ ᠭᠠᠷᠭᠠᠬᠤ ᠭᠤᠣᠯ ᠴᠣᠭᠴᠠ ᠪᠣᠯᠭᠠᠵᠤ᠂ ᠲᠡᠳᠬᠦᠨ ᠳᠡᠮᠵᠢᠬᠦ ᠪᠤᠶᠤ ᠨᠡᠶᠢᠭᠡᠮ ᠤᠨ | ᠪᠡᠯᠡ ᠮᠥᠩᠭᠦ ᠶᠢᠨ ᠬᠤᠷᠠᠮᠳᠤᠭᠤᠯᠤᠯ ᠢᠶᠠᠷ ᠳᠠᠮᠵᠢᠨ ᠨᠡᠭᠡᠭᠡᠨ ᠬᠥᠭᠵᠢᠭᠦᠯᠦᠭᠰᠡᠨ ᠪᠠ ᠨᠡᠶᠢᠭᠡᠮ ᠤᠨ ᠣᠯᠠᠨ | ᠨᠡᠶᠢᠲᠡ ᠶᠢᠨ ᠠᠰᠢᠭ ᠲᠤᠰᠠ ᠶᠢᠨ ᠱᠠᠭᠠᠷᠳᠠᠯᠭ᠎ᠠ ᠳᠤ ᠨᠡᠶᠢᠴᠡᠭᠰᠡᠨ ᠦᠢᠯᠡᠴᠢᠯᠡᠭᠡ ᠶᠢᠨ ᠴᠢᠨᠠᠷᠲᠠᠢ ᠠᠵᠢᠯ ᠤᠨ ᠪᠠᠶᠢᠷᠢ | ᠪᠠ ᠬᠠᠮᠵᠢᠯᠴᠠᠨ ᠬᠠᠮᠢᠶᠠᠷᠬᠤ ᠠᠵᠢᠯ ᠤᠨ ᠪᠠᠶᠢᠷᠢ ᠶᠢ ᠵᠢᠭᠠᠵᠤ ᠪᠠᠶᠢᠨ᠎ᠠ᠃ ᠡᠭᠦᠨ ᠳᠤ ᠭᠤᠣᠯᠳᠠᠭᠤ ᠳᠣᠣᠷᠠᠬᠢ | ᠳᠥᠷᠪᠡᠨ ᠲᠠᠯ᠎ᠠ ᠶᠢ ᠪᠠᠭᠲᠠᠭᠠᠨ᠎ᠠ᠃ 1. ᠨᠡᠶᠢᠭᠡᠮ ᠲᠣᠭᠤᠷᠢᠭ ᠤᠨ ᠦᠢᠯᠡᠴᠢᠯᠡᠭᠡ ᠶᠢᠨ ᠴᠢᠨᠠᠷᠲᠠᠢ ᠠᠵᠢᠯ ᠤᠨ ᠪᠠᠶᠢᠷᠢ | ᠃ ᠡᠭᠦᠨ ᠳᠤ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠴᠡᠪᠡᠷᠯᠡᠭᠡ ᠬᠢᠬᠦ᠂ ᠨᠣᠭᠤᠭᠠᠷᠠᠭᠤᠯᠤᠯᠲᠠ ᠶᠢ ᠪᠠᠲᠤᠯᠠᠬᠤ᠂ | ᠭᠡᠷ ᠪᠦᠯᠢ ᠶᠢᠨ ᠦᠢᠯᠡᠴᠢᠯᠡᠭᠡ ᠬᠢᠬᠦ᠂ ᠨᠡᠶᠢᠭᠡᠮ ᠤᠨ ᠠᠰᠠᠷᠠᠮᠵᠢ ᠵᠡᠷᠭᠡ ᠨᠡᠶᠢᠭᠡᠮ ᠤᠨ ᠦᠢᠯᠡᠴᠢᠯᠡᠭᠡ ᠶᠢᠨ ᠴᠢᠨᠠᠷᠲᠠᠢ | ᠠᠵᠢᠯ ᠤᠨ ᠪᠠᠶᠢᠷᠢ ᠶᠢ ᠪᠠᠭᠲᠠᠭᠠᠨ᠎ᠠ︔ 2. ᠨᠡᠶᠢᠭᠡᠮ ᠤᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠲᠥᠷᠥᠯ ᠤᠨ | ᠠᠵᠢᠯ ᠤᠨ ᠪᠠᠶᠢᠷᠢ᠃ ᠡᠭᠦᠨ ᠳᠤ ᠪᠣᠳᠠᠲᠠᠢ ᠪᠠᠷ ᠦᠨᠳᠦᠰᠦᠨ ᠱᠠᠲᠤᠨ ᠤ ᠨᠡᠶᠢᠭᠡᠮ ᠤᠨ ᠪᠠᠲᠤᠯᠠᠭ᠎ᠠ ᠶᠢᠨ ᠲᠤᠰᠠᠯᠠᠭᠴᠢ | ᠂ ᠠᠮᠤᠷ ᠢ ᠬᠠᠮᠠᠭᠠᠯᠠᠵᠤ ᠲᠣᠭᠤᠷᠢᠨ ᠴᠠᠭᠳᠠᠭᠴᠢ᠂ ᠵᠠᠮ ᠬᠠᠷᠢᠯᠴᠠᠭ᠎ᠠ ᠶᠢ ᠬᠠᠮᠵᠢᠨ ᠬᠠᠮᠢᠶᠠᠷᠤᠭᠴᠢ᠂ ᠬᠤᠲᠠ ᠶᠢᠨ | ᠬᠠᠮᠢᠶᠠᠷᠤᠯᠲᠠ ᠳᠤ ᠲᠤᠰᠠᠯᠠᠭᠴᠢ᠂ ᠵᠠᠰᠠᠮᠠᠯ ᠵᠠᠮ ᠢ ᠠᠰᠠᠷᠠᠨ ᠬᠠᠮᠠᠭᠠᠯᠠᠭᠴᠢ ᠵᠡᠷᠭᠡ ᠬᠠᠪᠰᠤᠷᠤᠨ ᠲᠤᠰᠠᠯᠠᠬᠤ ᠴᠢᠨᠠᠷᠲᠠᠢ | ᠨᠡᠶᠢᠭᠡᠮ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢ ᠪᠠᠭᠲᠠᠭᠠᠨ᠎ᠠ︔ 3. ᠪᠠᠶᠢᠭᠤᠯᠭ᠎ᠠ ᠠᠵᠢᠯ ᠦᠢᠯᠡᠰ ᠤᠨ | ᠨᠢᠭᠡᠴᠢ ᠶᠢᠨ ᠠᠷᠤ ᠲᠠᠯ᠎ᠠ ᠶᠢᠨ ᠠᠵᠢᠯ ᠤᠨ ᠪᠠᠲᠤᠯᠠᠭ᠎ᠠ ᠶᠢᠨ ᠴᠢᠨᠠᠷᠲᠠᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢᠨ | ᠠᠵᠢᠯ ᠤᠨ ᠪᠠᠶᠢᠷᠢ᠃ ᠡᠭᠦᠨ ᠳᠤ ᠪᠣᠳᠠᠲᠠᠢ ᠪᠠᠷ ᠬᠤᠷᠢᠶᠠᠨ ᠠᠪᠬᠤ ᠪᠠ ᠢᠯᠡᠭᠡᠬᠦ᠂ ᠴᠡᠪᠡᠷᠯᠡᠭᠡ ᠬᠢᠬᠦ᠂ ᠡᠭᠦᠳᠡᠨ ᠳᠤ | ᠬᠠᠷᠠᠭᠤᠯ ᠵᠣᠭᠰᠣᠬᠤ᠂ ᠦᠰᠦᠭ ᠴᠣᠬᠢᠬᠤ ᠵᠡᠷᠭᠡ ᠬᠠᠪᠰᠤᠷᠤᠨ ᠲᠤᠰᠠᠯᠠᠬᠤ ᠴᠢᠨᠠᠷᠲᠠᠢ ᠠᠵᠢᠯ ᠤᠨ ᠪᠠᠶᠢᠷᠢ ᠶᠢ | ᠪᠠᠭᠲᠠᠭᠠᠨ᠎ᠠ᠃ 4. ᠡᠯ᠎ᠡ ᠭᠠᠵᠠᠷ ᠤᠨ ᠬᠢᠨ ᠤ ᠲᠣᠭᠲᠠᠭᠠᠭᠰᠠᠨ ᠪᠤᠰᠤᠳ ᠣᠯᠠᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ᠃ |