︽ᠤᠭ ᠰᠠᠨᠠᠭ᠎ᠠ ᠪᠠᠨ ᠦᠯᠥ ᠮᠠᠷᠳᠠᠨ ᠡᠬᠦᠷᠬᠡ  ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠤᠪᠳᠤ ᠬᠦᠮᠥᠵᠢᠯ ᠤᠨ ᠲᠤᠪᠴᠢ ᠲᠠᠶᠢᠯᠤᠮᠵᠢ
ᠨᠡᠶᠢᠲᠡᠯᠡᠭᠰᠡᠨ ᠴᠠᠭ᠄
2020/7/1
       ᠲᠦᠷᠪᠡᠨ ᠲᠤᠯᠭᠠᠮ᠎ᠠ ᠱᠠᠭᠠᠷᠳᠠᠯᠭ᠎ᠠ —        ᠡᠨᠡ  ᠤᠳᠠᠭ᠎ᠠ ᠶᠢᠨ ᠭᠤᠤᠯ ᠰᠡᠳᠤᠪᠳᠤ ᠬᠦᠮᠥᠵᠢᠯ ᠢ ᠦᠷᠨᠢᠬᠦᠯᠬᠦ ᠪᠤᠯ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠨᠠᠮ ᠢ ᠵᠡᠪᠰᠡᠭᠯᠡᠬᠦ ᠶᠢᠨ ᠲᠤᠯᠭᠠᠮ᠎ᠠ ᠱᠠᠭᠠᠷᠳᠠᠯᠭ᠎ᠠ᠂  ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢ ᠠᠬᠢᠭᠤᠯᠬᠤ ᠲᠤᠯᠭᠠᠮ᠎ᠠ ᠱᠠᠭᠠᠷᠳᠠᠯᠭ᠎ᠠ᠂ ᠨᠠᠮ ᠪᠠ ᠤᠯᠠᠨ ᠲᠦᠮᠡᠨ ᠤ ᠴᠢᠰᠤ ᠮᠢᠬᠠᠨ ᠤ ᠬᠠᠷᠢᠴᠠᠭ᠎ᠠ ᠶᠢ ᠪᠠᠳᠤᠯᠠᠬᠤ ᠲᠤᠯᠭᠠᠮ᠎ᠠ ᠱᠠᠭᠠᠷᠳᠠᠯᠭ᠎ᠠ ᠂   ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠠᠴᠠ ᠲᠤᠭᠳᠠᠭᠠᠭᠰᠠᠨ ᠡᠬᠦᠷᠭᠡ ᠬᠠᠷᠠᠯᠳᠠ ᠶᠢ ᠪᠡᠶᠡᠯᠡᠬᠦᠯᠬᠦ ᠶᠢᠨ ᠲᠤᠯᠭᠠᠮ᠎ᠠ ᠱᠠᠭᠠᠷᠳᠠᠯᠭ᠎ᠠ ᠮᠦᠨ᠃          ᠠᠷᠪᠠᠨ ᠬᠤᠶᠠᠷ ᠦᠰᠦᠭ ᠤᠨ ᠶᠡᠷᠦᠩᠬᠡᠢ ᠱᠠᠭᠠᠷᠳᠠᠯᠭ᠎ᠠ —        ᠤᠭ ᠰᠠᠨᠠᠭ᠎ᠠ ᠪᠠᠨ ᠰᠡᠬᠢᠬᠤ ᠄  ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠲᠦᠮᠡᠨ ᠳᠤ  ᠦᠢᠯᠡᠴᠢᠯᠡᠬᠦ ᠦᠨᠳᠦᠰᠦᠨ ᠵᠤᠷᠢᠯᠳᠡ ᠪᠠᠨ ᠪᠠᠳᠤ ᠴᠡᠬᠡᠵᠢᠯᠡᠵᠥ᠂ ᠡᠷᠡᠰ ᠪᠡᠳᠤ ᠬᠦᠰᠡᠯᠡᠩ ᠢᠳᠡᠬᠡᠯ ᠪᠢᠰᠢᠷᠡᠯ ᠢᠶᠠᠷ ᠤᠭ ᠰᠠᠨᠠᠭ᠎ᠠ ᠪᠠᠨ  ᠪᠡᠳᠤ ᠰᠠᠬᠢᠵᠥ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠤᠯ ᠲᠠᠷᠤᠢ ᠪᠢᠳᠡᠨ ᠤ ᠲᠡᠮᠡᠴᠡᠬᠦ ᠬᠠᠷᠠᠯᠳᠡ ᠪᠤᠯᠬᠤ ᠶᠢ ᠪᠠᠳᠤ  ᠴᠡᠭᠡᠵᠢᠯᠡᠵᠦ᠂  ᠮᠠᠨ ᠤ ᠨᠠᠮ  ᠪᠤᠯ ᠠᠷᠠᠳ  ᠲᠦᠮᠡᠨ ᠤ  ᠲᠤᠮᠳᠠ ᠠᠴᠠ  ᠢᠷᠡᠵᠥ᠂  ᠠᠷᠠᠳ  ᠲᠦᠮᠡᠨ ᠤ  ᠲᠤᠮᠳᠠ ᠦᠨᠳᠦᠰᠦᠯᠡᠭᠰᠡᠡ ᠭᠡᠳᠡᠭ ᠢ ᠴᠠᠭ ᠢᠮᠠᠭᠳᠠ ᠮᠠᠷᠳᠠᠬᠤ ᠦᠬᠡᠢ ᠪᠠᠶᠢᠵᠤ᠂  ᠬᠡᠵᠢᠶᠡᠳᠡ ᠤᠯᠠᠨ ᠲᠦᠮᠡᠨ ᠠᠴᠠ ᠡᠬᠦᠷᠢᠳᠡ  ᠰᠠᠯᠤᠩᠬᠢᠷᠠᠬᠤ ᠦᠭᠡᠢ᠂ ᠤᠯᠠᠨ ᠲᠦᠮᠡᠨ ᠢ  ᠬᠦᠩᠭᠡᠪᠴᠢᠯᠡᠬᠦ ᠦᠭᠡᠢ᠂ ᠤᠯᠠᠨ‌‍ᠲ᠋ᠦ᠋ᠮᠡᠨ ᠤ  ᠬᠦᠴᠢᠷ ᠵᠤᠪᠠᠭᠤᠷᠢ ᠶᠢ ᠦᠯᠦ ᠤᠶᠢᠰᠢᠶᠠᠬᠤ ᠦᠬᠡᠢ ᠪᠠᠶᠢᠬᠤ ᠭᠡᠷᠡᠭᠳᠡᠢ ᠃        ᠬᠠᠷᠢᠭᠤᠴᠠᠯᠭ᠎ᠠ ᠡᠬᠦᠷᠬᠡᠯᠡᠬᠦ ᠄ ᠮᠠᠨ ᠤ ᠨᠠᠮ ᠤᠨ ᠡᠭᠦᠷᠭᠡᠯᠡᠵᠤ ᠪᠠᠶᠢᠭ᠎ᠠ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢ ᠪᠡᠶᠡᠯᠡᠭᠦᠯᠬᠦ ᠲᠡᠤᠬᠡᠳᠤ ᠡᠭᠦᠷᠭᠡ  ᠬᠠᠷᠢᠭᠤᠴᠠᠯᠭ᠎ᠠ ᠶᠢ ᠪᠠᠳᠤ ᠴᠡᠭᠡᠵᠢᠯᠡᠵᠤ᠂  ᠵᠤᠷᠢᠭᠳᠠᠢ   ᠪᠠᠷ ᠡᠬᠦᠷᠭᠡᠯᠡᠨ ᠬᠠᠷᠢᠭᠤᠴᠠᠵᠤ᠂ ᠢᠳᠡᠪᠬᠢᠳᠠᠢ ᠪᠠᠷ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠨ᠂ ᠲᠡᠮᠡᠴᠡᠯ ᠤᠨ ᠵᠤᠷᠢᠭ ᠰᠠᠨᠠᠭ᠎ᠠ ᠪᠠᠨ ᠪᠠᠷᠢᠮᠳᠠᠯᠠᠵᠤ᠂ ᠲᠦᠭᠰᠢᠭᠦᠷᠢ  ᠪᠠ ᠦᠷᠢᠰᠦᠯᠳᠦᠭᠡᠨ ᠳᠤ  ᠵᠤᠷᠢᠭᠳᠠᠢ   ᠬᠠᠨᠳᠤᠵᠤ᠂  ᠰᠢᠨᠳᠠᠷᠠᠰᠢ ᠦᠬᠡᠢ ᠵᠤᠷᠢᠭ ᠰᠠᠨᠠᠭ᠎ᠠ ᠪᠤᠯᠤᠨ ᠰᠦᠷᠳᠡᠰᠢ ᠦᠬᠡᠢ ᠰᠦᠰᠦ ᠵᠤᠷᠢᠭ ᠢᠶᠠᠷ ᠤᠷᠤᠭᠰᠢᠯᠠᠯᠳᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡ ᠬᠠᠷᠰᠢ ᠰᠠᠭᠠᠳ ᠢ ᠢᠯᠠᠨ ᠳᠠᠪᠠᠭ᠋ᠤ ᠬᠡᠷᠡᠭᠳᠠᠢ᠃       ᠵᠦᠷᠢᠶ᠎ᠠ ᠪᠠᠨ ᠡᠷᠢᠬᠦ  ᠄ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ  ᠪᠠᠶᠢᠷᠢᠯᠠᠭᠤᠯᠤᠯᠳᠠ ᠲᠠᠢ ᠬᠠᠷᠢᠴᠠᠭᠤᠯᠵᠤ᠂ ᠨᠠᠮ ᠤᠨ ᠳᠦᠷᠢᠮ ᠲᠤᠭᠳᠠᠭᠠᠯ ᠲᠠᠢ ᠬᠠᠷᠢᠴᠠᠭᠤᠯᠵᠤ᠂ ᠠᠷᠠᠳ ᠲᠦᠮᠡᠨ ᠤ ᠰᠢᠨ᠎ᠠ ᠬᠦᠰᠡᠯ ᠡᠷᠡᠮᠡᠯᠵᠡᠯ ᠲᠠᠢ ᠬᠠᠷᠢᠴᠠᠭᠤᠯᠵᠤ᠂ ᠲᠡᠷᠢᠭᠦᠨ ᠤ ᠨᠡᠶᠢᠳᠡᠯᠢᠭ ᠵᠢᠱᠢᠶ᠎ᠠ᠂ ᠳᠡᠷᠭᠡᠳᠡᠬᠢ ᠬᠡᠪ ᠳᠠᠭᠤᠷᠢᠶᠠᠯ ᠲᠠᠢ ᠪᠠᠨ  ᠬᠠᠷᠢᠴᠠᠭᠤᠯᠵᠤ᠂ ᠦᠨᠳᠦᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ  ᠪᠠᠷᠢᠮᠳᠠᠯᠠᠨ᠂ ᠬᠠᠷᠠᠯᠳᠠ ᠵᠤᠷᠢᠯᠳᠠ ᠲᠠᠢ ᠪᠠᠷ ᠴᠡᠭᠴᠡᠯᠡᠨ ᠰᠠᠶᠢᠵᠢᠷᠠᠭᠤᠯᠬᠤ ᠭᠡᠷᠡᠭᠳᠡᠢ᠃     ᠨᠠᠶᠢᠳᠠᠪᠤᠷᠢᠵᠢᠭᠤᠯᠤᠯᠲᠠ ᠶᠢ ᠠᠳᠬᠤᠬᠤ᠄ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠦᠭᠡᠷᠡᠴᠢᠯᠡᠯᠲᠡ ᠬᠦᠭᠵᠢᠯᠲᠡ ᠲᠤᠬᠲᠠᠭᠤᠨ ᠪᠠ  ᠨᠠᠮ ᠤᠨ ᠪᠠᠶᠢᠭᠤᠯᠤᠯᠲᠠ ᠶᠢᠨ ᠡᠯ᠎ᠠ ᠲᠦᠷᠦᠯ ᠤᠨ ᠠᠵᠢᠯ ᠢ ᠠᠬᠢᠭᠤᠯᠬᠤ ᠪᠤᠳᠠᠳᠤ ᠠᠵᠢᠯᠯᠠᠭ᠎ᠠ ᠪᠤᠯᠭᠠᠨ  ᠬᠤᠪᠢᠷᠠᠭᠤᠯᠵᠤ᠂  ᠤᠭ  ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠠᠮ ᠤᠨ ᠭᠡᠰᠢᠭᠦᠨ ᠺᠠᠳ᠋ᠷ ᠤᠨ ᠵᠤᠷᠢᠭᠲᠠᠢ ᠪᠠᠷ ᠤᠷᠤᠭᠰᠢᠯᠠᠨ  ᠲᠠᠪᠰᠢᠬᠤ᠂   ᠵᠠᠮ ᠨᠡᠭᠡᠭᠡᠨ ᠰᠢᠨ᠎ᠠ ᠶᠢ ᠡᠭᠦᠳᠬᠦ ᠤᠷᠮ᠎ᠠ ᠵᠤᠷᠢᠭ ᠪᠤᠯᠤᠨ ᠰᠢᠷᠭᠠᠭᠤ ᠬᠠᠲᠠᠭᠤᠵᠢᠯᠲᠠᠢ ᠪᠠᠷ ᠠᠵᠢᠯᠯᠠᠬᠤ᠂ ᠦᠨᠡᠨ ᠠᠳᠬᠤᠵᠤ ᠪᠤᠳᠠᠲᠠᠢ ᠠᠵᠢᠯᠯᠠᠬᠤ ᠤᠬᠠᠮᠰᠠᠷᠲᠤ ᠠᠵᠢᠯᠯᠠᠭ᠎ᠠ  ᠪᠤᠯᠭᠠᠨ  ᠬᠤᠪᠢᠷᠠᠭᠤᠯᠵᠤ᠂  ᠬᠡᠯᠪᠡᠷᠢᠴᠢ  ᠦᠵᠡᠯ᠂  ᠨᠤᠶᠠᠨᠴᠢ  ᠰᠤᠷᠲᠠᠯ ᠢ  ᠴᠢᠩᠭ᠎ᠠ  ᠴᠡᠭᠡᠷᠯᠡᠨ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠪᠤᠳᠠᠲᠠᠢ ᠨᠠᠶᠢᠳᠠᠪᠤᠷᠢᠵᠢᠬᠤ ᠶᠢ ᠠᠬᠢᠭᠤᠯᠵᠤ᠂ ᠠᠷᠠᠳ ᠲᠦᠮᠡᠨ ᠤ ᠤᠯᠤᠯᠳᠠ ᠬᠦᠷᠲᠡᠮᠵᠢ ᠶᠢᠨ ᠲᠦᠷᠦᠭᠳᠡᠯ  ᠂  ᠠᠵᠠ ᠵᠢᠷᠭᠠᠯ ᠤᠨ ᠲᠦᠷᠦᠭᠳᠡᠯ᠂  ᠠᠮᠤᠷ  ᠲᠦᠪᠰᠢᠨ ᠤ  ᠲᠦᠷᠦᠭᠳᠡᠯ ᠢ  ᠲᠠᠰᠤᠷᠠᠯᠲᠠ ᠦᠬᠡᠢ ᠴᠢᠩᠭᠠᠷᠠᠭᠤᠯᠬᠤ ᠬᠡᠷᠡᠭᠲᠡᠢ᠃         ᠲᠠᠪᠤᠨ ᠪᠤᠳᠠᠳᠠᠢ ᠬᠠᠷᠠᠯᠳᠠ —     1. ᠤᠨᠤᠯ ᠤᠨ ᠰᠤᠷᠤᠯᠴᠠᠯᠭ᠎ᠠ ᠳᠤ ᠤᠯᠤᠯᠳᠠ ᠲᠠᠢ ᠪᠤᠯᠬᠤ ᠳᠤ᠂ ᠭᠤᠤᠯᠳᠠᠯᠭ᠎ᠠ ᠨᠢ ᠦᠷᠭᠡᠨ ᠤᠯᠠᠨ ᠨᠠᠮ  ᠤᠨ ᠭᠡᠰᠢᠬᠦᠨ ᠺᠠᠳᠠᠷ ᠢ ᠬᠦᠮᠦᠵᠢᠬᠦᠯᠦᠨ ᠵᠢᠯᠤᠭᠤᠳᠴᠤ᠂ ᠤᠤᠯ ᠤᠨ ᠰᠤᠷᠤᠯᠴᠠᠯᠭ᠎ᠠ ᠶᠢᠨ ᠰᠠᠭᠤᠷᠢᠨ ᠲᠡᠭᠡᠷ᠎ᠡ ᠪᠠᠨ ᠤᠯᠠᠮ ᠰᠢᠨ᠎ᠡ ᠲᠠᠪᠰᠢᠯᠳᠠ ᠲᠠᠢ ᠪᠤᠯᠭᠠᠨ᠂  ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠤᠯᠤᠨ ᠨᠠᠮ ᠤᠨ ᠲᠦᠪ ᠬᠤᠷᠢᠶᠠᠨ ᠤ ᠲᠤᠮᠤ ᠪᠤᠳᠤᠯᠭ᠎ᠠ ᠴᠢᠭᠯᠡᠯᠳᠡ ᠶᠢᠨ ᠲᠤᠬᠠᠢ ᠤᠶᠢᠯᠠᠭᠠᠯᠳᠠ ᠪᠠᠨ ᠬᠦᠨᠵᠡᠬᠡᠶᠢᠷᠡᠬᠦᠯᠵᠦ᠂  ᠬᠦᠨᠵᠡᠬᠡᠢ ᠰᠤᠷᠤᠯᠴᠠᠵᠤ ᠨᠡᠪᠳᠡᠷᠡᠳᠡᠯ᠎ᠡ ᠤᠶᠢᠯᠠᠭᠠᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠳᠤ ᠴᠢᠨᠠᠷ ᠬᠢᠭᠡᠳ ᠪᠠᠳᠤ ᠴᠢᠩᠭ᠎ᠠ ᠴᠢᠨᠠᠷ ᠢ  ᠴᠢᠩᠭᠠᠳᠬᠠᠵᠤ᠂ ᠨᠠᠮ ᠤᠨ ᠪᠦᠳᠦᠭᠡᠯᠴᠢ ᠤᠨᠤᠯ ᠢᠶᠠᠷ ᠦᠢᠯᠡᠳᠦᠯᠬᠡ ᠪᠠᠨ ᠵᠢᠯᠤᠭᠤᠳᠤᠭᠤᠯᠤᠨ ᠠᠵᠢᠯ ᠢᠶᠠᠨ ᠠᠬᠢᠭᠤᠯᠬᠤ ᠴᠢᠳᠠᠪᠤᠷᠢ ᠶᠢ ᠨᠡᠮᠡᠭᠳᠡᠬᠦᠯᠬᠦ ᠭᠡᠷᠡᠭᠳᠡᠢ᠃    2. ᠦᠵᠡᠯ ᠰᠠᠨᠠᠭ᠎ᠠ ᠤᠯᠤᠰ ᠲᠦᠷᠦ ᠶᠢᠨ ᠰᠢᠯᠭᠠᠨ ᠲᠠᠪᠳᠠᠯᠳᠠ ᠶᠢ ᠬᠢᠬᠦ ᠳᠤ᠂ ᠭᠤᠤᠯᠳᠠᠯᠭ᠎ᠠ ᠨᠢ ᠦᠷᠭᠡᠨ ᠤᠯᠠᠨ ᠨᠠᠮ ᠤᠨ ᠭᠡᠰᠢᠬᠦᠨ ᠺᠠᠳᠠᠷ ᠢ ᠬᠦᠮᠦᠵᠢᠬᠦᠯᠦᠨ ᠵᠢᠯᠤᠭᠤᠳᠴᠤ᠂  ᠮᠠᠷᠺᠠᠰ ᠤᠨ ᠦᠵᠡᠯ ᠤᠨ ᠲᠤᠬᠠᠢ ᠢᠳᠡᠭᠡᠯ ᠪᠢᠰᠢᠷᠡᠯ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠲᠤᠬᠠᠢ ᠢᠳᠡᠭᠡᠯ ᠪᠢᠰᠢᠷᠡᠯ ᠢ ᠪᠠᠳᠤᠳᠬᠠᠨ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂  ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ  ᠠᠵᠢᠯᠯᠠᠭᠠᠨ ᠤ ᠲᠠᠯ᠎ᠠ ᠪᠠᠷ ᠨᠠᠮ ᠤᠨ ᠲᠦᠪ ᠬᠤᠷᠢᠶ᠎ᠠ ᠯᠤᠭ᠎ᠠ ᠲᠡᠭᠡᠳᠦ ᠬᠡᠮᠵᠢᠶ᠎ᠡ ᠨᠢᠭᠡᠳᠦᠯᠳᠡᠢ ᠪᠠᠶᠢᠵᠤ᠂  ᠴᠠᠭ ᠢᠮᠠᠭᠳᠠ ᠨᠠᠮ ᠳᠠᠭᠠᠨ  ᠦᠨᠡᠨᠴᠢ ᠰᠢᠳᠤᠷᠭᠤ᠂ ᠠᠷᠠᠳ ᠲᠦᠮᠡᠨ ᠳᠡᠭᠡᠨ  ᠦᠨᠡᠨᠴᠢ ᠰᠢᠳᠤᠷᠭᠤ᠂  ᠮᠠᠷᠺᠰ ᠤᠨ ᠦᠵᠡᠯ ᠳᠤ ᠦᠨᠡᠨᠴᠢ ᠰᠢᠳᠤᠷᠭᠤ ᠪᠠᠶᠢᠬᠤ ᠭᠡᠷᠡᠭᠳᠡᠢ᠃    3. ᠠᠵᠢᠯ ᠬᠢᠵᠦ ᠦᠢᠯᠡᠰ ᠪᠦᠳᠦᠭᠡᠵᠦ ᠵᠤᠷᠢᠭᠳᠠᠢ ᠡᠬᠦᠷᠭᠡᠯᠡᠬᠦ ᠳᠤ᠂ ᠭᠤᠤᠯᠳᠠᠯᠭ᠎ᠠ ᠨᠢ ᠦᠷᠭᠡᠨ ᠤᠯᠠᠨ ᠨᠠᠮ  ᠤᠨ ᠭᠡᠰᠢᠬᠦᠨ ᠺᠠᠳᠠᠷ ᠢ ᠬᠦᠮᠦᠵᠢᠬᠦᠯᠦᠨ ᠵᠢᠯᠤᠭᠤᠳᠴᠤ᠂  ᠬᠤᠷᠴᠠ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠳᠤ ᠰᠡᠳᠬᠢᠯᠬᠡ ᠪᠤᠯᠤᠨ ᠲᠡᠦᠬᠡ ᠶᠢᠨ ᠬᠠᠷᠢᠭᠤᠴᠠᠯᠭᠠᠳᠤ ᠰᠡᠳᠬᠢᠯᠬᠡ ᠪᠠᠷ᠂ ᠦᠷᠯᠦᠬᠡ ᠦᠳᠡᠰᠢ   ᠶᠢ ᠲᠡᠮᠡᠴᠡᠨ ᠡᠷᠴᠢ ᠬᠦᠴᠦ ᠲᠠᠢ ᠠᠵᠢᠯᠯᠠᠬᠤ ᠲᠡᠮᠡᠴᠡᠯ ᠤᠨ ᠭᠡᠪ ᠪᠠᠶᠢᠳᠠᠯ ᠪᠤᠯᠤᠨ ᠭᠡᠳᠦᠢ ᠬᠦᠴᠢᠷ ᠪᠡᠷᠭᠡᠰᠢᠶᠡᠯ ᠲᠠᠢ ᠪᠤᠯ ᠲᠡᠳᠦᠢ ᠤᠷᠤᠭᠰᠢᠯᠠᠨ ᠲᠠᠪᠰᠢᠬᠤ ᠲᠡᠮᠡᠴᠡᠯ ᠤᠨ ᠵᠤᠷᠢᠭ ᠰᠠᠨᠠᠭ᠎ᠠ   ᠶᠢ ᠪᠠᠷᠢᠮᠳᠠᠯᠠᠵᠤ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠳᠠ ᠶᠢ ᠠᠳᠬᠤᠨ᠂ ᠦᠢᠯᠡᠳᠦᠯᠬᠡ᠂ ᠠᠷᠠᠳ ᠲᠦᠮᠡᠨ᠂  ᠲᠡᠦᠬᠡ ᠶᠢᠨ ᠰᠢᠯᠭᠠᠯᠳᠠ ᠶᠢ ᠲᠠᠭᠠᠭᠠᠵᠤ ᠲᠡᠶᠢᠯᠬᠦ ᠠᠮᠵᠢᠯᠳᠠ ᠪᠦᠳᠦᠮᠵᠢ ᠶᠢ ᠡᠬᠦᠳᠬᠦ ᠪᠠᠷ ᠴᠢᠷᠮᠠᠶᠢᠬᠤ ᠭᠡᠷᠡᠭᠳᠡᠢ᠃    4. ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠳᠤ᠂ ᠭᠤᠤᠯᠳᠠᠯᠭ᠎ᠠ ᠨᠢ ᠦᠷᠭᠡᠨ ᠤᠯᠠᠨ ᠨᠠᠮ ᠤᠨ ᠭᠡᠰᠢᠬᠦᠨ ᠺᠠᠳᠠᠷ ᠢ ᠬᠦᠮᠦᠵᠢᠬᠦᠯᠦᠨ ᠵᠢᠯᠤᠭᠤᠳᠴᠤ᠂  ᠠᠷᠠᠳ ᠲᠦᠮᠡᠨ ᠤ  ᠲᠠᠯ᠎ᠠ ᠳᠠᠬᠢ ᠵᠤᠭᠰᠤᠯᠳᠠ ᠶᠢ ᠪᠠᠳᠤ ᠰᠠᠬᠢᠵᠤ᠂ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠡ ᠶᠢᠨ ᠤᠶᠢᠯᠠᠭᠠᠭᠳᠠᠬᠤᠨ  ᠢ ᠪᠤᠢ ᠪᠤᠯᠭᠠᠨ᠂ ᠠᠷᠠᠳ ᠲᠦᠮᠡᠨ ᠯᠦᠭᠡ ᠶᠢᠨ ᠬᠠᠶᠢᠷ᠎ᠠ ᠰᠡᠳᠬᠢᠯᠬᠡ ᠪᠠᠨ ᠵᠤᠵᠠᠭᠠᠳᠬᠠᠵᠤ᠂ ᠤᠬᠠᠮᠰᠠᠷ ᠠᠴᠠ ᠪᠠᠨ ᠤᠯᠠᠨ ᠲᠦᠮᠡᠨ ᠤ ᠪᠤᠳᠤᠵᠤ ᠪᠠᠶᠢᠭ᠎ᠠ ᠶᠠᠪᠤᠳᠠᠯ ᠢ ᠪᠤᠳᠤᠵᠤ᠂ ᠠᠷᠠᠳ ᠲᠦᠮᠡᠨ ᠲᠠᠢ ᠬᠠᠮᠳᠤ ᠠᠵᠢᠯᠯᠠᠨ᠂  ᠤᠯᠠᠨ ᠲᠦᠮᠡᠨ ᠤ ᠰᠠᠨᠠᠭᠠᠰᠢᠷᠠᠵᠤ ᠵᠤᠪᠠᠨᠢᠵᠤ ᠪᠠᠶᠢᠭ᠎ᠠ ᠶᠠᠪᠤᠳᠠᠯ ᠢ ᠰᠢᠢᠳᠪᠦᠷᠢᠯᠡᠨ ᠦᠭᠴᠦ᠂ ᠠᠷᠠᠳ ᠲᠦᠮᠡᠨ ᠳᠤ ᠠᠰᠢᠭ ᠲᠤᠰᠠ ᠤᠯᠭᠤᠭᠰᠠᠨ᠂ ᠠᠷᠠᠳ ᠲᠦᠮᠡᠨ ᠤ ᠲᠦᠯᠦᠬᠡ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠤᠳᠠᠳᠠᠢ ᠠᠮᠵᠢᠯᠳᠠ ᠪᠦᠳᠦᠮᠵᠢ ᠪᠠᠷ ᠠᠷᠠᠳ ᠲᠦᠮᠡᠨ ᠤ ᠢᠳᠡᠭᠡᠯ ᠢ ᠤᠯᠬᠤ ᠭᠡᠷᠡᠭᠳᠡᠢ᠃       5. ᠠᠷᠢᠭᠤᠨ ᠴᠢᠭᠡᠴᠢ ᠪᠠᠷ ᠦᠯᠢᠬᠡᠷ ᠲᠠᠭᠤᠷᠢᠶᠠᠯ ᠪᠤᠯᠬᠤ ᠳᠤ᠂  ᠭᠤᠤᠯᠳᠠᠯᠭ᠎ᠠ ᠨᠢ ᠦᠷᠭᠡᠨ ᠤᠯᠠᠨ ᠨᠠᠮ  ᠤᠨ ᠭᠡᠰᠢᠬᠦᠨ ᠺᠠᠳᠠᠷ ᠢ ᠬᠦᠮᠦᠵᠢᠬᠦᠯᠦᠨ ᠵᠢᠯᠤᠭᠤᠳᠴᠤ᠂  ᠠᠷᠠᠳ ᠲᠦᠮᠡᠨ ᠤ ᠲᠦᠯᠦᠬᠡ ᠦᠨᠡᠨ ᠪᠤᠳᠠᠳᠠᠢ ᠠᠵᠢᠯᠯᠠᠵᠤ ᠠᠷᠢᠭᠤᠨ ᠴᠢᠭᠡᠴᠢ ᠪᠠᠶᠢᠬᠤ ᠤᠯᠤᠰ ᠲᠦᠷᠦ ᠶᠢᠨ ᠤᠭ ᠴᠢᠨᠠᠷ ᠢᠶᠠᠨ ᠬᠠᠳᠠᠭᠠᠯᠠᠨ᠂ ᠤᠬᠠᠮᠰᠠᠷ ᠠᠴᠠ  ᠪᠠᠨ ᠤᠨᠴᠠ ᠡᠷᠭᠡ ᠶᠢᠨ  ᠦᠵᠡᠯ ᠰᠠᠨᠠᠭ᠎ᠠ ᠪᠤᠯᠤᠨ ᠤᠨᠴᠠ ᠡᠷᠭᠡ ᠶᠢᠨ ᠦᠵᠡᠭᠳᠡᠯ ᠲᠠᠢ ᠲᠡᠮᠡᠴᠡᠯ ᠬᠢᠵᠦ᠂ ᠢᠯᠵᠡᠷᠡᠯ  ᠢ ᠴᠢᠩᠭ᠎ᠠ  ᠰᠡᠷᠭᠡᠶᠢᠯᠡᠵᠦ ᠡᠷᠡᠰ ᠡᠰᠡᠷᠬᠦᠴᠡᠨ᠂  ᠠᠷᠢᠭᠤᠨ ᠴᠢᠭᠡᠴᠢ ᠪᠠᠷ ᠨᠤᠶᠠᠨ ᠰᠠᠭᠤᠵᠤ᠂ ᠴᠡᠪᠡᠷ ᠴᠢᠭᠡᠴᠢ ᠪᠠᠷ ᠠᠵᠢᠯ ᠬᠢᠵᠦ᠂  ᠨᠤᠮᠤᠬᠠᠨ ᠰᠢᠳᠤᠷᠭᠤ ᠪᠠᠷ ᠬᠦᠮᠦᠨ ᠪᠤᠯᠬᠤ ᠭᠡᠷᠡᠭᠳᠡᠢ᠃           ᠵᠢᠷᠭᠤᠭᠠᠨ ᠲᠦᠷᠦᠯ ᠤᠨ ᠭᠤᠤᠯᠳᠠᠯᠭ᠎ᠠ ᠲᠠᠢ ᠠᠷᠭ᠎ᠠ ᠪᠠᠷᠢᠯ —       ᠪᠤᠳᠠᠳᠠᠤ ᠪᠠᠶᠢᠳᠠᠯ ᠲᠠᠢ ᠤᠶᠠᠯᠳᠤᠭᠤᠯᠤᠨ᠂ ᠪᠦᠳᠦᠭᠡᠯᠴᠢ ᠴᠢᠨᠠᠷᠳᠠᠢ ᠪᠠᠷ ᠠᠵᠢᠯ ᠢᠶᠠᠨ ᠦᠷᠨᠢᠬᠦᠯᠵᠦ᠂  ᠰᠤᠷᠤᠯᠴᠠᠯᠭ᠎ᠠ ᠬᠦᠮᠦᠵᠢᠯ᠂ ᠪᠠᠶᠢᠴᠠᠭᠠᠨ ᠰᠤᠳᠤᠯᠤᠯᠳᠠ᠂   ᠠᠰᠠᠭᠤᠳᠠᠯ ᠢ ᠰᠢᠯᠭᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠭᠤᠤᠯ ᠰᠡᠳᠦᠪᠳᠦ ᠬᠦᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠤᠨ ᠂  ᠬᠠᠮᠤᠭ ᠤᠨ ᠰᠠᠶᠢᠨ ᠦᠷ᠎ᠡ ᠪᠦᠳᠦᠮᠵᠢ ᠤᠯᠬᠤ ᠪᠠᠷ ᠴᠢᠷᠮᠠᠶᠢᠬᠤ ᠭᠡᠷᠡᠭᠳᠡᠢ᠃       ᠤᠨᠤᠯ ᠢᠶᠠᠷ ᠵᠡᠪᠰᠡᠭᠯᠡᠬᠦ ᠶᠢ ᠴᠢᠩᠭᠠᠳᠬᠠᠨ᠂ ᠬᠤᠪᠢᠰᠬᠠᠯ ᠤᠨ ᠤᠳᠤᠮᠰᠢᠯ ᠤᠨ ᠬᠦᠮᠦᠵᠢᠯ᠂ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ ᠬᠦᠮᠦᠵᠢᠯ᠂  ᠲᠡᠷᠢᠬᠦᠨ ᠤ ᠨᠡᠶᠢᠳᠡᠯᠢᠭ ᠵᠢᠱᠢᠶᠡᠨ ᠤ ᠬᠦᠮᠦᠵᠢᠯ ᠪᠤᠯᠤᠨ ᠰᠡᠷᠡᠮᠵᠢᠯᠡᠬᠦᠯᠬᠦ ᠬᠦᠮᠦᠵᠢᠯ ᠢ ᠬᠦᠨᠵᠡᠬᠡᠢ ᠦᠷᠨᠢᠬᠦᠯᠵᠦ᠂  ᠦᠵᠡᠯ ᠰᠠᠨᠠᠭᠠᠨ ᠤ ᠤᠭ  ᠦᠨᠳᠦᠰᠦ ᠶᠢᠨ ᠠᠰᠠᠭᠤᠳᠠᠯ  ᠢ ᠰᠢᠢᠳᠪᠦᠷᠢᠯᠡᠬᠦ ᠳᠤ ᠲᠦᠪᠯᠡᠷᠡᠬᠦᠯᠦᠨ᠂ ᠤᠬᠠᠮᠰᠠᠷ ᠠᠴᠠ ᠪᠠᠨ ᠬᠠᠷᠭᠤᠭᠤᠯᠵᠤ ᠪᠠᠷᠢᠮᠵᠢᠶᠠᠯᠠᠵᠤ᠂ ᠰᠤᠷᠤᠯᠴᠠᠯᠭ᠎ᠠ ᠬᠦᠮᠦᠵᠢᠯ ᠤᠨ ᠴᠢᠭᠯᠡᠯᠳᠦ ᠴᠢᠨᠠᠷ᠂ ᠪᠦᠳᠦᠮᠵᠢᠳᠦ ᠴᠢᠨᠠᠷ ᠪᠠ  ᠨᠦᠯᠦᠬᠡᠯᠡᠬᠦ ᠬᠦᠴᠦᠨ ᠢ ᠴᠢᠩᠭᠠᠳᠬᠠᠬᠤ ᠭᠡᠷᠡᠭᠳᠡᠢ᠃       ᠦᠷᠭᠡᠨ ᠤᠯᠠᠨ ᠨᠠᠮ ᠤᠨ ᠭᠡᠰᠢᠬᠦᠨ ᠺᠠᠳᠠᠷᠴᠤᠳ ᠢ ᠬᠦᠮᠦᠵᠢᠬᠦᠯᠦᠨ ᠵᠢᠯᠤᠭᠤᠳᠴᠤ  ᠂ ᠠᠷᠠᠳ ᠤᠨ ᠰᠠᠨᠠᠭ᠎ᠠ ᠶᠢ ᠤᠶᠢᠯᠠᠭᠠᠨ᠂ ᠪᠤᠳᠠᠳᠠᠢ ᠪᠠᠶᠢᠳᠠᠯ ᠢ ᠡᠵᠡᠮᠰᠢᠵᠦ᠂ ᠠᠰᠠᠭᠤᠳᠠᠯ ᠶᠠᠭᠤ ᠪᠤᠯᠬᠤ᠂ ᠬᠡᠮ ᠨᠢ ᠬᠠᠮᠢᠭ᠎ᠠ ᠪᠠᠶᠢᠬᠤ   ᠶᠢ ᠲᠤᠳᠤᠷᠬᠠᠢ ᠮᠡᠳᠡᠵᠦ᠂ ᠬᠦᠴᠢᠷ ᠲᠦᠪᠡᠭ ᠲᠠᠢ ᠠᠰᠠᠭᠤᠳᠠᠯ ᠢ ᠰᠢᠢᠳᠪᠦᠷᠢᠯᠡᠬᠦ ᠪᠤᠳᠠᠳᠠᠢ ᠰᠠᠶᠢᠨ ᠠᠷᠭ᠎ᠠ  ᠪᠤᠳᠤᠯᠭ᠎ᠠ ᠶᠢ ᠭᠠᠷᠭᠠᠬᠤ ᠭᠡᠷᠡᠭᠳᠡᠢ᠃        ᠨᠠᠮ ᠤᠨ ᠭᠡᠰᠢᠬᠦᠨ ᠺᠠᠳᠠᠷᠴᠤᠳ ᠢ ᠬᠦᠮᠦᠵᠢᠬᠦᠯᠦᠨ ᠵᠢᠯᠤᠭᠤᠳᠴᠤ  ᠂ ᠬᠢᠳᠤᠭᠠᠨ ᠢᠷ ᠢ ᠲᠤᠳᠤᠭᠰᠢ ᠪᠠᠨ ᠬᠠᠨᠳᠤᠭᠤᠯᠤᠨ ᠦᠪᠡᠷ ᠤᠨ ᠪᠡᠶ᠎ᠡ ᠳᠡᠭᠡᠨ  ᠬᠤᠪᠢᠰᠬᠠᠯ ᠬᠢᠬᠦ ᠵᠤᠷᠢᠭ ᠰᠠᠨᠠᠭ᠎ᠠ ᠪᠠᠷ᠂ ᠰᠠᠨᠠᠯ ᠢ ᠦᠷᠭᠡᠨ ᠢᠶᠠᠷ ᠰᠤᠨᠤᠰᠴᠤ᠂ ᠨᠠᠷᠢᠨ ᠨᠢᠮᠪᠠᠢ ᠲᠤᠩᠭᠠᠨ ᠪᠤᠳᠤᠯᠬᠢᠯᠠᠵᠤ᠂ ᠠᠰᠠᠭᠤᠳᠠᠯ ᠢ ᠦᠨᠡᠨ ᠪᠤᠳᠠᠳᠠᠢ ᠪᠠᠷ ᠡᠷᠢᠵᠦ᠂ ᠤᠭ ᠦᠨᠳᠦᠰᠦ ᠠᠴᠠ ᠨᠢ ᠡᠷᠢᠵᠦ᠂ ᠴᠢᠷᠮᠠᠶᠢᠬᠤ ᠴᠢᠭᠯᠡᠯ ᠪᠤᠯᠤᠨ ᠰᠠᠶᠢᠵᠢᠷᠠᠭᠤᠯᠬᠤ ᠠᠷᠭ᠎ᠠ ᠶᠢ ᠲᠤᠳᠤᠷᠬᠠᠶᠢᠯᠠᠨ᠂ ᠠᠰᠠᠭᠤᠳᠠᠯ ᠢ ᠦᠨᠡᠨ ᠬᠦ᠋ ᠰᠠᠶᠢᠳᠤᠷ ᠰᠢᠢᠳᠪᠦᠷᠢᠯᠡᠬᠦ ᠭᠡᠷᠡᠭᠳᠡᠢ᠃      ︽ᠴᠡᠭᠴᠡᠯᠡᠨ ᠰᠠᠶᠢᠵᠢᠷᠠᠭᠤᠯᠬᠤ︾ ᠶᠢ ᠡᠬᠢᠨ ᠠᠴᠠ ᠲᠡᠬᠦᠰᠳᠡᠯ᠎ᠡ ᠲᠤᠤᠱᠯᠠᠭᠤᠯᠤᠨ᠂ ᠪᠠᠶᠢᠴᠠᠭᠠᠮᠠᠭᠴᠠ ᠪᠠᠨ ᠴᠡᠭᠴᠡᠯᠡᠨ ᠰᠠᠶᠢᠵᠢᠷᠠᠭᠤᠯᠵᠤ᠂ ᠮᠡᠳᠡᠮᠡᠭᠴᠡ ᠪᠠᠨ ᠴᠡᠭᠴᠡᠯᠡᠨ ᠰᠠᠶᠢᠵᠢᠷᠠᠭᠤᠯᠵᠤ᠂ ᠲᠡᠷᠡ ᠲᠤᠤᠷ᠎ᠠ ᠪᠠᠨ ᠴᠡᠭᠴᠡᠯᠡᠨ ᠰᠠᠶᠢᠵᠢᠷᠠᠭᠤᠯᠬᠤ ᠲᠡᠶᠢᠯᠬᠦ  ᠠᠰᠠᠭᠤᠳᠠᠯ ᠪᠤᠯ ᠴᠠᠭ ᠬᠤᠭᠤᠴᠠᠭ᠎ᠠ ᠪᠤᠯᠤᠨ ᠱᠠᠭᠠᠷᠳᠠᠯᠭ᠎ᠠ ᠶᠢ ᠲᠤᠳᠤᠷᠬᠠᠶᠢᠯᠠᠵᠤ᠂ ᠲᠤᠭᠳᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠭᠡᠷᠡᠭᠳᠡᠢ᠃  ᠲᠡᠷᠡ ᠲᠤᠤᠷ᠎ᠠ ᠪᠠᠨ ᠴᠡᠭᠴᠡᠯᠡᠨ ᠰᠠᠶᠢᠵᠢᠷᠠᠭᠤᠯᠬᠤ ᠲᠡᠶᠢᠯᠬᠦ ᠦᠬᠡᠢ ᠪᠤᠯ  ᠂ ᠲᠠᠯᠪᠢᠯ ᠦᠬᠡᠢ ᠴᠢᠩᠭ᠎ᠠ ᠠᠳᠬᠤᠵᠤ᠂ ᠲᠠᠨᠢᠯᠳᠠ ᠪᠠᠨ ᠬᠦᠨᠵᠡᠬᠡᠶᠢᠷᠡᠬᠦᠯᠬᠦ ᠤᠬᠠᠮᠰᠠᠷ ᠢᠶᠠᠨ ᠲᠡᠭᠡᠭᠰᠢᠯᠡᠬᠦᠯᠬᠦ ᠪᠠᠷ ᠲᠠᠮᠵᠢᠨ᠂ ᠱᠠᠳᠤᠴᠢ ᠴᠢᠨᠠᠷᠳᠠᠢ ᠬᠠᠷᠠᠯᠳᠠ ᠶᠢ ᠲᠤᠳᠤᠷᠬᠠᠶᠢᠯᠠᠵᠤ᠂ ᠦᠷᠬᠦᠯᠵᠢᠯᠡᠨ ᠴᠡᠭᠴᠡᠯᠡᠨ ᠰᠠᠶᠢᠵᠢᠷᠠᠭᠤᠯᠬᠤ ᠭᠡᠷᠡᠭᠳᠡᠢ᠃        ᠴᠡᠭᠴᠡᠯᠡᠨ ᠰᠠᠶᠢᠵᠢᠷᠠᠭᠤᠯᠬᠤ ᠴᠢᠬᠤᠯᠠᠳᠠᠢ ᠲᠤᠪᠤᠶᠢᠮ᠎ᠠ ᠠᠰᠠᠭᠤᠳᠠᠯ ᠢ ᠴᠢᠭᠯᠡᠯᠳᠦ ᠴᠢᠨᠠᠷᠳᠠᠢ ᠪᠠᠷ ᠵᠢᠬᠰᠠᠭᠠᠵᠤ᠂  ᠲᠦᠪᠯᠡᠷᠡᠬᠦᠯᠵᠦ ᠪᠠᠶᠢᠭᠠᠳ ᠴᠡᠭᠴᠡᠯᠡᠨ ᠰᠠᠶᠢᠵᠢᠷᠠᠭᠤᠯᠬᠤ ᠭᠡᠷᠡᠭᠳᠡᠢ᠃  ᠲᠤᠰᠬᠠᠢ ᠲᠦᠷᠦᠯ ᠢᠶᠠᠷ ᠴᠡᠭᠴᠡᠯᠡᠨ ᠵᠠᠰᠠᠭᠰᠠᠨ ᠪᠠᠶᠢᠳᠠᠯ ᠢ ᠵᠤᠬᠢᠰᠳᠠᠢ ᠠᠷᠭ᠎ᠠ ᠬᠡᠯᠪᠡᠷᠢ ᠪᠠᠷ ᠨᠠᠮ ᠤᠨ ᠭᠡᠰᠢᠬᠦᠨ ᠺᠠᠳᠠᠷ ᠤᠯᠠᠨ ᠲᠦᠮᠡᠨ ᠳᠤ ᠮᠡᠳᠡᠭᠳᠡᠵᠦ᠂ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠶᠠᠪᠤᠴᠠ ᠳᠤ ᠰᠠᠬᠢᠯᠭ᠎ᠠ ᠪᠠᠳᠤ ᠬᠠᠤᠯᠢ ᠴᠠᠭᠠᠵᠠ ᠠᠴᠠ ᠵᠦᠷᠢᠴᠡᠭᠰᠡᠨ ᠠᠰᠠᠭᠤᠳᠠᠯ ᠢᠯᠡᠷᠡᠪᠡᠯ᠂  ᠡᠷᠡᠰ ᠴᠢᠩᠭ᠎ᠠ ᠪᠠᠶᠢᠴᠠᠭᠠᠨ ᠰᠢᠳᠭᠡᠬᠦ ᠭᠡᠷᠡᠭᠳᠡᠢ᠃         ᠲᠠᠪᠤᠨ ᠲᠤᠳᠤᠷᠬᠠᠢ ᠱᠠᠭᠠᠷᠳᠠᠯᠭ᠎ᠠ —        ᠡᠯ᠎ᠡ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠡᠬᠦᠷᠭᠡᠯᠡᠵᠦ᠂ ᠭᠤᠤᠯ ᠤᠳᠤᠷᠢᠳᠬᠤ ᠨᠦᠬᠦᠳ ᠨᠢᠬᠡᠳᠦᠭᠡᠷ ᠬᠠᠷᠢᠭᠤᠴᠠᠯᠭᠠᠳᠠᠨ ᠤ ᠬᠠᠷᠢᠭᠤᠴᠠᠯᠭ᠎ᠠ ᠪᠠᠨ ᠡᠬᠦᠷᠭᠡᠯᠡᠬᠦ ᠭᠡᠷᠡᠭᠳᠡᠢ᠃         ᠡᠯ᠎ᠡ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶  ᠱᠠᠭᠠᠷᠳᠠᠨ ᠵᠢᠯᠤᠭᠤᠳᠬᠤ ᠪᠠᠨ ᠴᠢᠩᠭᠠᠳᠬᠠᠬᠤ ᠭᠡᠷᠡᠭᠳᠡᠢ᠃      ᠵᠦᠪ ᠲᠠᠯ᠎ᠠ ᠶᠢᠨ ᠨᠡᠶᠢᠳᠡᠯᠢᠭ ᠵᠢᠱᠢᠶ᠎ᠡ ᠶᠢ ᠤᠬᠠᠭᠤᠯᠵᠤ᠂ ᠨᠠᠮ ᠤᠨ ᠭᠡᠰᠢᠬᠦᠨ ᠺᠠᠳᠠᠷ ᠤᠨ ᠲᠡᠷᠭᠡᠳᠡᠬᠢ ᠢᠳᠡᠭᠡᠬᠦᠰᠢᠳᠡᠢ ᠰᠤᠷᠤᠯᠴᠠᠭᠤᠰᠢᠳᠠᠢ ᠲᠡᠷᠢᠬᠦᠨ ᠤ ᠬᠦᠮᠦᠰ ᠢ ᠤᠬᠠᠭᠤᠯᠵᠤ᠂ ᠲᠡᠷᠡ  ᠭᠡᠪ ᠢᠶᠠᠷ ᠨᠢ ᠰᠤᠷᠤᠯᠴᠠᠨ  ᠲᠦᠬᠡᠮᠡᠯᠵᠢᠬᠦᠯᠵᠦ ᠪᠤᠯᠬᠤ ᠨᠢᠬᠡ ᠪᠦᠯᠦᠭ ᠰᠠᠶᠢᠨ ᠠᠷᠭ᠎ᠠ ᠲᠤᠷᠰᠢᠯᠭ᠎ᠠ ᠶᠢ ᠲᠡᠯᠭᠡᠷᠡᠬᠦᠯᠬᠦ ᠭᠡᠷᠡᠭᠳᠡᠢ᠃         ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠭᠤᠤᠯᠳᠠᠯᠭ᠎ᠠ ᠶᠢᠨ ᠲᠤᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠳᠠᠯᠠᠬᠤ ᠭᠡᠷᠡᠭᠳᠡᠢ᠃        ᠭᠡᠯᠪᠡᠷᠢᠴᠢ ᠦᠵᠡᠯ᠂ ᠨᠤᠶᠠᠨᠴᠢ ᠰᠤᠷᠳᠠᠯ ᠢ  ᠰᠡᠷᠭᠡᠶᠢᠯᠡᠵᠦ᠂  ᠨᠠᠮ ᠤᠨ ᠭᠡᠰᠢᠬᠦᠨ ᠺᠠᠳᠠᠷᠴᠤᠳ ᠢ ᠬᠦᠮᠦᠵᠢᠬᠦᠯᠦᠨ ᠵᠢᠯᠤᠭᠤᠳᠴᠤ  ᠵᠦᠪ ᠤᠨᠤᠪᠴᠢᠳᠠᠢ ᠵᠠᠰᠠᠭ ᠤᠨ ᠠᠵᠢᠯ ᠤᠨ ᠠᠮᠵᠢᠯᠳᠠ ᠶᠢᠨ ᠦᠵᠡᠯᠳᠡ ᠶᠢ ᠪᠤᠢ ᠪᠤᠯᠭᠠᠨ᠂ ᠦᠨᠡᠨ ᠪᠤᠳᠠᠳᠠᠢ ᠠᠵᠢᠯᠯᠠᠵᠤ᠂ ᠤᠪᠤᠷ ᠰᠤᠷᠳᠠᠯ ᠢᠶᠠᠨ  ᠬᠤᠪᠢᠷᠠᠭᠤᠯᠬᠤ ᠭᠡᠷᠡᠭᠳᠡᠢ᠃ ᠭᠤᠤᠯ ᠰᠡᠳᠦᠪᠳᠦ ᠬᠦᠮᠦᠵᠢᠯ ᠤᠨ ᠲᠤᠰ ᠪᠡᠶ᠎ᠡ ᠨᠢ ᠲᠠᠷᠤᠢ ᠪᠤᠳᠠᠳᠠᠢ ᠪᠦᠳᠦᠮᠵᠢ ᠶᠢ ᠴᠢᠬᠤᠯᠠᠴᠢᠯᠠᠵᠤ᠂ ᠪᠤᠳᠠᠳᠠᠢ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠬᠡ ᠶᠤᠮ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号