ᠰᠠᠭᠠᠯᠢ ᠶᠢᠨ ᠦᠨᠢᠶ᠎ᠡ ᠶᠢ ᠰᠢᠨᠵᠢᠯᠡᠬᠦ ᠤᠬᠠᠭᠠᠨᠴᠢ ᠪᠠᠷ ᠮᠠᠯᠵᠢᠬᠤ ︵ᠨᠢᠭᠡ︶
ᠨᠡᠶᠢᠲᠡᠯᠡᠭᠰᠡᠨ ᠴᠠᠭ᠄
2020/7/15
     ᠰᠠᠭᠠᠯᠢ ᠶᠢᠨ ᠦᠨᠢᠶᠡᠨ ᠤ ᠡᠨᠧᠷᠭᠢ ᠨᠢ ᠶᠠᠭᠤᠨ ᠠᠴᠠ ᠢᠷᠡᠯᠲᠡ ᠲᠠᠢ ᠪᠤᠢ︖ ᠰᠠᠭᠠᠯᠢ ᠶᠢᠨ ᠦᠨᠢᠶᠡᠨ ᠤ ᠭᠤᠤᠯ ᠡᠨᠧᠷᠭᠢ ᠶᠢᠨ ᠢᠷᠡᠯᠲᠡ ᠨᠢ ᠪᠤᠯ ᠨᠠᠷᠢᠯᠢᠭ ᠪᠦᠳᠦᠭᠦᠯᠢᠭ ᠪᠤᠷᠳᠤᠭ᠎ᠠ ᠳᠠᠬᠢ ᠨᠡᠭᠦᠷᠡᠰᠦ ᠤᠰᠤᠨ ᠤ ᠨᠡᠶᠢᠯᠡᠯᠭᠡ ᠡᠳ᠋ ᠲᠤᠬᠠᠶᠢᠯᠠᠪᠠᠯ ᠰᠢᠷᠬᠡᠭᠯᠢᠭ ᠡᠳ᠋᠂ ᠬᠠᠭᠠᠰ ᠰᠢᠷᠬᠡᠭᠯᠢᠭ ᠡᠳ᠋᠂ ᠵᠢᠮᠢᠰ ᠤᠨ ᠴᠠᠪᠠᠤ᠂ ᠴᠠᠷᠳᠠᠭᠤᠯ᠂ ᠬᠤᠤᠰ ᠰᠢᠬᠢᠷ ᠪᠤᠯᠤᠨ ᠳᠠᠩ ᠰᠢᠬᠢᠷ ᠵᠡᠷᠭᠡ ᠶᠢ ᠢᠳᠡᠬᠦ ᠠᠴᠠ ᠢᠷᠡᠯᠲᠡ ᠲᠠᠢ᠃ ᠲᠤᠬᠠᠶᠢᠯᠠᠪᠠᠯ ᠨᠠᠷᠢᠯᠢᠭ ᠪᠤᠷᠳᠤᠭ᠎ᠠ ᠳᠤ ᠭᠤᠤᠯ ᠨᠢ ᠡᠷᠳᠡᠨᠢ ᠰᠢᠰᠢ᠂ ᠬᠡᠪᠡᠭ᠂ ᠪᠤᠭᠤᠳᠠᠢ᠂ ᠠᠷᠪᠠᠢ᠂ ᠬᠤᠰᠢᠭᠤ ᠪᠤᠳᠠᠭ᠎ᠠ᠂ ᠰᠢᠰᠢ᠂ ᠪᠤᠳᠠᠭᠠᠨ ᠤ ᠠᠭ᠎ᠠ ᠵᠡᠷᠭᠡ ᠡᠨᠧᠷᠭᠢ ᠶᠢᠨ ᠪᠤᠷᠳᠤᠭ᠎ᠠ ᠵᠢᠴᠢ ᠪᠤᠷᠴᠠᠭ ᠤᠨ ᠪᠠᠵᠢᠮᠠᠭ᠂ ᠪᠤᠷᠴᠠᠭ ᠤᠨ ᠰᠢᠭᠠᠷᠤ᠂ ᠭᠠᠶᠢᠮᠤ ᠶᠢᠨ ᠪᠠᠵᠢᠮᠠᠭ᠂ ᠬᠦᠪᠦᠩ ᠤᠨ ᠦᠷ᠎ᠡ ᠶᠢᠨ ᠪᠠᠵᠢᠮᠠᠭ᠂ ᠰᠠᠮᠤᠷ ᠤᠨ ᠰᠢᠭᠠᠷᠤ᠂ ᠨᠠᠷᠠᠨ ᠬᠤᠸᠠᠷ ᠤᠨ ᠦᠷ᠎ᠡ ᠶᠢᠨ ᠰᠢᠭᠠᠷᠤ᠂ ᠬᠤᠮᠠ ᠶᠢᠨ ᠰᠢᠭᠠᠷᠤ᠂ ᠵᠢᠭᠠᠰᠤᠨ ᠲᠠᠯᠬ᠎ᠠ᠂ ᠮᠢᠬᠠᠨ ᠤ ᠲᠠᠯᠬ᠎ᠠ ᠵᠡᠷᠭᠡ ᠤᠭᠤᠷᠠᠭᠲᠤ ᠪᠤᠷᠳᠤᠭ᠎ᠠ ᠠᠴᠠ ᠢᠷᠡᠯᠲᠡ ᠲᠠᠢ ᠶᠤᠮ᠃ ᠰᠠᠭᠠᠯᠢ ᠶᠢᠨ ᠦᠨᠢᠶᠡᠨ ᠤ ᠡᠳᠦᠷ ᠤᠨ ᠢᠳᠡᠰᠢᠨ ᠤ ᠨᠠᠷᠢᠯᠢᠭ ᠮᠠᠲ᠋ᠧᠷᠢᠶᠠᠯ ᠢ ᠨᠦᠬᠦᠪᠦᠷᠢᠯᠡᠨ ᠨᠠᠶᠢᠷᠠᠭᠤᠯᠬᠤ ᠳᠠᠭᠠᠨ ᠡᠳᠡᠭᠡᠷ ᠢ ᠴᠦᠮ ᠰᠤᠩᠭᠤᠨ ᠬᠡᠷᠡᠭᠯᠡᠵᠦ ᠪᠤᠯᠤᠨ᠎ᠠ᠃ ᠲᠡᠵᠢᠭᠡᠯ ᠪᠤᠷᠳᠤᠭᠠᠨ ᠤ ᠳᠦᠭᠦᠬᠡᠢ ᠮᠠᠲ᠋ᠧᠷᠢᠶᠠᠯ ᠤᠨ ᠲᠦᠷᠦᠯ ᠨᠢ ᠴᠦᠭᠡᠨ ᠪᠠᠶᠢᠵᠤ ᠬᠡᠳᠦ᠋ᠢᠪᠡᠷ ᠶᠠᠰᠤ ᠴᠢᠨᠠᠷ ᠢ ᠨᠢ ᠬᠢᠵᠠᠭᠠᠷᠯᠠᠬᠤ ᠳᠤ ᠳᠦᠭᠦᠮ ᠪᠤᠯᠪᠠᠴᠤ ᠰᠢᠮ᠎ᠡ ᠲᠡᠵᠢᠭᠡᠯ ᠤᠨ ᠲᠡᠩᠴᠡᠭᠦᠷᠢ ᠶᠢ ᠠᠮᠠᠷᠬᠠᠨ ᠠᠯᠳᠠᠭᠤᠯᠳᠠᠭ᠃ ︵ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠸᠢ ᠨᠠᠷ ᠨᠠᠶᠢᠷᠠᠭᠤᠯᠤᠨ ᠤᠷᠴᠢᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号