ᠳᠤᠯᠠᠭᠠᠨ ᠤ ᠬᠡᠮᠵᠢᠶ᠎ᠡ ᠨᠢ ᠲᠠᠷᠢᠶᠠᠨ ᠡᠮ ᠤᠨ ᠬᠤᠤᠷᠲᠤ ᠴᠢᠨᠠᠷ ᠲᠤ ᠶᠠᠮᠠᠷ ᠨᠦᠯᠦᠭᠡ ᠲᠠᠢ ᠪᠤᠢ
ᠨᠡᠶᠢᠲᠡᠯᠡᠭᠰᠡᠨ ᠴᠠᠭ᠄
2020/7/15
       ᠳᠤᠯᠠᠭᠠᠨ ᠤ ᠬᠡᠮᠵᠢᠶ᠎ᠡ ᠶᠢᠨ ᠲᠠᠷᠢᠶᠠᠨ ᠡᠮ ᠤᠨ ᠬᠤᠤᠷᠲᠤ ᠴᠢᠨᠠᠷ ᠢ ᠨᠦᠯᠦᠭᠡᠯᠡᠬᠦ ᠶᠢ ᠬᠤᠶᠠᠷ ᠲᠦᠷᠦᠯ ᠳᠤ ᠬᠤᠪᠢᠶᠠᠵᠤ ᠪᠤᠯᠤᠨ᠎ᠠ᠃ 1. ᠳᠤᠯᠠᠭᠠᠨ ᠤ ᠬᠡᠮᠵᠢᠶ᠎ᠡ ᠳᠡᠭᠡᠭᠰᠢᠯᠡᠬᠦ ᠶᠢ ᠳᠠᠭᠠᠯᠳᠤᠨ ᠬᠤᠤᠷᠲᠤ ᠴᠢᠨᠠᠷ ᠨᠢ ᠳᠡᠭᠡᠭᠰᠢᠯᠡᠬᠦ ᠶᠢ ᠡᠶᠡᠷᠬᠦ ᠳᠤᠯᠠᠭᠠᠨ ᠤ ᠬᠡᠮᠵᠢᠶ᠎ᠡ ᠶᠢᠨ ᠢᠯᠡᠳᠬᠡᠮᠵᠢ ᠭᠡᠵᠦ ᠬᠡᠯᠡᠳᠡᠭ ᠪᠠᠶᠢᠨ᠎ᠠ᠃ 2. ᠳᠤᠯᠠᠭᠠᠨ ᠤ ᠬᠡᠮᠵᠢᠶ᠎ᠡ ᠳᠡᠭᠡᠭᠰᠢᠯᠡᠬᠦ ᠶᠢ ᠳᠠᠭᠠᠯᠳᠤᠨ ᠬᠤᠤᠷᠲᠤ ᠴᠢᠨᠠᠷ ᠨᠢ ᠳᠤᠷᠤᠭᠰᠢᠯᠠᠬᠤ ᠶᠢ ᠰᠦᠭᠡᠷᠬᠦ ᠳᠤᠯᠠᠭᠠᠨ ᠤ ᠬᠡᠮᠵᠢᠶ᠎ᠡ ᠶᠢᠨ ᠢᠯᠡᠳᠬᠡᠮᠵᠢ ᠭᠡᠳᠡᠭ᠃ ᠡᠶᠢᠮᠦ ᠠᠴᠠ ᠲᠠᠷᠢᠶᠠᠯᠠᠭ᠎ᠠ ᠶᠢᠨ ᠶᠠᠪᠤᠴᠠ ᠳᠤ ᠡᠷᠬᠡᠪᠰᠢ ᠰᠤᠩᠭᠤᠭᠰᠠᠨ ᠲᠠᠷᠢᠶᠠᠨ ᠡᠮ ᠤᠨ ᠢᠶᠠᠨ ᠤᠨᠴᠠᠯᠢᠭ ᠰᠢᠨᠵᠢ ᠶᠢ ᠤᠶᠢᠯᠠᠭᠠᠬᠤ ᠶᠢᠨ ᠬᠠᠮᠲᠤ ᠰᠡᠷᠭᠡᠶᠢᠯᠡᠨ ᠵᠠᠰᠠᠬᠤ ᠵᠤᠬᠢᠰᠲᠠᠢ ᠬᠤᠭᠤᠴᠠᠭ᠎ᠠ ᠪᠠ ᠠᠭᠤᠷ ᠠᠮᠢᠰᠬᠤᠯ ᠤᠨ ᠪᠠᠶᠢᠳᠠᠯ ᠢ ᠦᠨᠳᠦᠰᠦᠯᠡᠨ ᠵᠦᠢ ᠵᠤᠬᠢᠰᠲᠠᠢ ᠦᠷ᠎ᠡ ᠠᠰᠢᠭ ᠢᠶᠠᠷ ᠰᠠᠶᠢᠨ ᠲᠠᠷᠢᠶᠠᠨ ᠡᠮ ᠢ ᠰᠤᠩᠭᠤᠨ ᠬᠡᠷᠡᠭᠯᠡᠪᠡᠯ ᠴᠠᠭ ᠲᠤᠬᠠᠢ ᠳᠤᠨᠢ ᠰᠡᠷᠭᠡᠶᠢᠯᠡᠨ ᠵᠠᠰᠠᠬᠤ ᠵᠤᠷᠢᠯᠭ᠎ᠠ ᠳᠠᠭᠠᠨ ᠬᠦᠷᠴᠦ ᠴᠢᠳᠠᠨ᠎ᠠ᠃ ︵ᠢᠷᠡᠯᠲᠡ᠄ ᠭᠡᠭᠡᠨᠬᠠᠰ ᠤᠨ ᠨᠠᠶᠢᠷᠠᠭᠤᠯᠤᠭᠰᠠᠨ ︽ᠲᠠᠷᠢᠶᠠᠨ ᠡᠮ ᠬᠡᠷᠡᠭᠯᠡᠬᠦ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号