ᠫᠠᠨ ᡁᠢ ᠹᠧᠩ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020/7/8
  7 ᠰᠠᠷ᠎ᠠ ᠶᠢᠨ 7 ᠤ ᠡᠳᠦᠷ᠂   ᠦᠪᠡᠷᠳᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶᠠᠨ ᠤ ᠨᠠᠮ ᠤᠨ ᠲᠤᠭᠤᠶᠢᠯᠠᠩ ᠤᠨ ᠱᠦᠵᠢ᠂  ᠲᠤᠪᠴᠢᠶᠠᠨ ᠲᠠᠷᠤᠭ᠎ᠠ ᠫᠠᠨ ᡁᠢ ᠹᠧᠩ ᠦᠪᠡᠷᠳᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶᠠᠨ ᠤ  ᠬᠠᠮᠢᠶ᠎ᠠ ᠪᠦᠬᠦᠢ ᠠᠵᠢᠯᠳᠠᠳ ᠢ ᠲᠠᠭᠠᠭᠤᠯᠤᠨ ᠲᠠᠶᠢᠹᠤᠰᠧ ᠬᠤᠰᠢᠭᠤᠨ ᠳᠤ ᠬᠦᠨᠵᠡᠭᠡᠶᠢᠷᠡᠵᠦ᠂   ᠪᠦᠬᠦ ᠤᠯᠤᠰ ᠤᠨ ᠲᠤᠯᠤᠳᠤᠭᠠᠷ ᠤᠳᠠᠭᠠᠨ ᠤ ᠬᠦᠮᠦᠨ ᠠᠮᠠ   ᠶᠢᠨ ᠨᠡᠶᠢᠳᠡᠮ ᠪᠠᠶᠢᠴᠠᠭᠠᠯᠳᠠ᠂  ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠭᠡᠯ ᠤᠨ ᠠᠵᠢᠯ᠂   ᠠᠵᠤ ᠠᠬᠤᠶᠢᠯᠠᠯ ᠤᠨ ᠲᠤᠭ᠎ᠠ ᠪᠦᠷᠢᠳᠭᠡᠯ ᠤᠨ ᠲᠠᠩᠰᠠ ᠡᠪᠬᠡᠮᠡᠯ ᠤᠨ ᠠᠵᠢᠯ  ᠵᠡᠷᠭᠡ ᠳᠤ ᠪᠠᠶᠢᠴᠠᠭᠠᠨ ᠰᠤᠳᠤᠯᠤᠯᠳᠠ  ᠪᠠ ᠵᠢᠭᠠᠨ ᠵᠢᠯᠤᠭᠤᠳᠤᠯᠭ᠎ᠠ ᠬᠢᠪᠡ᠃     ᠫᠠᠨ ᡁᠢ ᠹᠧᠩ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠨᠠᠮ ᠤᠨ ᠲᠤᠭᠤᠶᠢᠯᠠᠩ ᠤᠨ ᠱᠦᠵᠢ᠂  ᠲᠤᠪᠴᠢᠶᠠᠨ ᠲᠠᠷᠤᠭ᠎ᠠ ᠪᠠᠢ ᠴᠢᠤᠸᠠᠨ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ  ᠂ ᠬᠤᠰᠢᠭᠤ ᠲᠠᠷᠤᠭ᠎ᠠ ᠬᠤ᠋ ᠴᠧᠩ ᠳ᠋ᠦᠩ  ᠂  ᠲᠡᠳ᠋ ᠬᠤᠰᠢᠭᠤ ᠲᠠᠷᠤᠭ᠎ᠠ  ᠰᠢᠤᠢ ᠶᠢᠩ ᠵᠢᠶᠠᠨ ᠤ ᠪᠠᠷ᠎ᠠ ᠪᠤᠯᠤᠯᠭ᠎ᠠ ᠲᠠᠢ ᠪᠠᠷ  ᠂ ᠤᠷᠢᠳ ᠬᠤᠵᠢᠳ ᠲᠠᠯ᠎ᠠ ᠨᠤᠳᠤᠭ ᠠᠷᠢᠬᠢᠨ ᠦᠢᠯᠡᠳᠪᠦᠷᠢ᠂  ᠪᠤᠤᠴᠠᠩ ᠪᠠᠯᠭᠠᠰᠤᠨ ᠤ ᠲᠤᠭ᠎ᠠ ᠪᠦᠷᠢᠳᠭᠡᠯ ᠤᠨ ᠠᠵᠢᠯ ᠤᠨ ᠦᠷᠳᠡᠭᠡ ᠳᠤ ᠬᠦᠷᠴᠦ᠂   ᠠᠵᠤ ᠠᠬᠤᠶᠢᠯᠠᠯ ᠤᠨ ᠡᠯᠧᠺᠲᠷᠤᠨ ᠲᠠᠩᠰᠠ ᠡᠪᠬᠡᠮᠡᠯ   ᠤᠨ ᠪᠠᠶᠢᠭᠤᠯᠤᠯᠳᠠ᠂ ᠨᠡᠶᠢᠬᠡᠮ ᠲᠤᠭᠤᠷᠢᠭ ᠤᠨ ᠲᠤᠤᠷᠴᠢᠯᠠᠭᠰᠠᠨ ᠬᠠᠮᠢᠶᠠᠷᠤᠯᠳᠠ  ᠂ ᠬᠦᠮᠦᠨ ᠠᠮᠠ   ᠶᠢᠨ ᠨᠡᠶᠢᠳᠡᠮ ᠪᠠᠶᠢᠴᠠᠭᠠᠯᠳᠠ ᠵᠡᠷᠭᠡ  ᠲᠤᠭ᠎ᠠ ᠪᠦᠷᠢᠳᠭᠡᠯ ᠤᠨ  ᠬᠠᠮᠢᠶᠠᠳᠠᠢ ᠠᠵᠢᠯ ᠤᠨ ᠪᠠᠶᠢᠳᠠᠯ   ᠢ ᠨᠠᠷᠢᠨ ᠤᠶᠢᠯᠠᠭᠠᠭᠰᠠᠨ ᠪᠦᠬᠡᠳ ᠵᠢᠯᠤᠭᠤᠳᠤᠮᠵᠢ ᠶᠢᠨ ᠴᠢᠨᠠᠷᠳᠠᠢ ᠰᠠᠨᠠᠯ ᠰᠠᠨᠠᠭᠤᠯᠭ᠎ᠠ   ᠶᠢ ᠲᠤᠷᠠᠳᠤᠭᠰᠠᠨ ᠪᠠᠶᠢᠨ᠎ᠠ᠃    ᠠᠵᠢᠯ ᠤᠨ ᠬᠠᠷᠢᠭᠤ ᠮᠡᠳᠡᠬᠦᠯᠦᠯᠳᠡ ᠶᠢᠨ ᠰᠤᠨᠤᠰᠤᠭᠰᠠᠨ ᠤ ᠲᠠᠷᠠᠭ᠎ᠠ᠂  ᠫᠠᠨ ᡁᠢ ᠹᠧᠩ ᠲᠠᠶᠢᠹᠤᠰᠧ ᠬᠤᠰᠢᠭᠤᠨ ᠤ ᠲᠤᠭ᠎ᠠ ᠪᠦᠷᠢᠳᠭᠡᠯ ᠤᠨ ᠠᠵᠢᠯ ᠳᠤ ᠬᠦᠢᠴᠡᠳ ᠦᠨᠡᠯᠡᠯᠳᠡ ᠦᠭᠬᠦᠭᠰᠡᠨ ᠪᠦᠬᠡᠳ ᠵᠡᠬᠡᠯᠢ ᠭᠤᠳᠤᠮᠵᠢ ᠂ ᠨᠡᠶᠢᠬᠡᠮ ᠲᠤᠭᠤᠷᠢᠭ ᠤᠨ ᠲᠤᠭ᠎ᠠ ᠪᠦᠷᠢᠳᠭᠡᠯ ᠤᠨ ᠪᠠᠶᠢᠭᠤᠯᠤᠯᠳᠠ ᠶᠢ  ᠨᠢᠬᠡᠳᠦᠯᠳᠡᠢ ᠲᠦᠯᠦᠪᠵᠢᠬᠦᠯᠦᠨ ᠠᠬᠢᠭᠤᠯᠵᠤ᠂  ᠲᠤᠭ᠎ᠠ ᠪᠦᠷᠢᠳᠬᠡᠯ ᠤᠨ ᠠᠵᠢᠯᠳᠠᠨ ᠤ  ᠡᠩᠨᠡᠭᠡ᠂ ᠢᠯᠠᠩᠭᠤᠶ᠎ᠠ ᠨᠡᠶᠢᠬᠡᠮ ᠲᠤᠭᠤᠷᠢᠭ ᠤᠨ ᠺᠠᠳᠠᠷ  ᠤᠨ ᠡᠩᠨᠡᠭᠡ ᠶᠢ ᠬᠦᠴᠦᠷᠭᠡᠭᠵᠢᠬᠦᠯᠦᠨ᠂   ᠨᠡᠶᠢᠬᠡᠮ ᠲᠤᠭᠤᠷᠢᠭ ᠤᠨ ᠲᠤᠤᠷᠴᠢᠯᠠᠭᠰᠠᠨ ᠬᠠᠮᠢᠶᠠᠷᠤᠯᠳᠠ ᠶᠢᠨ ᠰᠢᠰᠲ᠋ᠧᠮᠵᠢ ᠶᠢ ᠤᠯᠠᠮ ᠲᠡᠬᠦᠯᠳᠡᠷᠵᠢᠬᠦᠯᠵᠦ᠂   ᠲᠤᠭ᠎ᠠ ᠪᠦᠷᠢᠳᠭᠡᠯ ᠤᠨ ᠠᠵᠢᠯ ᠤᠨ ᠲᠤᠭᠳᠠᠴᠠ ᠶᠢᠨ ᠰᠢᠨ᠎ᠡ ᠶᠢ ᠡᠬᠦᠳᠦᠨ᠂  ᠠᠵᠢᠯ ᠤᠨ ᠲᠦᠪᠰᠢᠨ ᠢ ᠴᠢᠷᠮᠠᠶᠢᠨ ᠲᠡᠭᠡᠭᠰᠢᠯᠡᠬᠦᠯᠵᠦ᠂    ᠲᠤᠭ᠎ᠠ ᠪᠦᠷᠢᠳᠭᠡᠯ ᠤᠨ ᠠᠵᠢᠯ ᠢ ᠰᠢᠨ᠎ᠡ ᠨᠢᠬᠡᠨ  ᠱᠠᠳᠤᠨ ᠳᠤ ᠠᠬᠢᠭᠤᠯᠬᠤ ᠭᠡᠷᠡᠭᠳᠡᠢ᠃ ᠠᠵᠤ ᠠᠬᠤᠶᠢᠯᠠᠯ ᠢᠶᠠᠷ ᠢᠯᠡᠬᠦᠦ ᠲᠤᠭᠤᠷᠢᠨ ᠪᠠᠶᠢᠴᠠᠭᠠᠵᠤ᠂   ᠠᠵᠤ ᠠᠬᠤᠶᠢᠯᠠᠯ ᠲᠠᠢ ᠢᠯᠡᠬᠦᠦ ᠬᠠᠷᠢᠴᠠᠨ ᠨᠡᠪᠳᠡᠷᠡᠯᠴᠡᠵᠦ᠂  ᠠᠵᠤ ᠠᠬᠤᠶᠢᠯᠠᠯ ᠤᠨ ᠲᠤᠭ᠎ᠠ ᠪᠦᠷᠢᠳᠭᠡᠯ ᠤᠨ ᠠᠵᠢᠯ ᠳᠤ ᠵᠢᠯᠤᠭᠤᠳᠤᠯᠭ᠎ᠠ ᠬᠢᠬᠦ ᠪᠠᠨ ᠴᠢᠩᠭᠠᠳᠬᠠᠨ᠂  ᠪᠦᠷᠢᠳᠭᠡᠯ ᠳᠤ ᠤᠷᠤᠬᠤ ᠶᠤᠰᠤᠳᠠᠢ ᠪᠤᠯᠭᠠᠨ ᠢ ᠪᠦᠷᠢᠳᠭᠡᠯ ᠳᠤ ᠤᠷᠤᠭᠤᠯᠵᠤ᠂   ᠠᠵᠤ ᠠᠬᠤᠶᠢᠯᠠᠯ ᠤᠨ ᠬᠦᠭᠵᠢᠯᠳᠡ ᠳᠤ ᠰᠠᠶᠢᠨ ᠦᠢᠯᠡᠴᠢᠯᠡᠨ᠂   ᠠᠵᠤ ᠠᠬᠤᠶᠢᠯᠠᠯ ᠢ ᠬᠠᠪᠰᠤᠷᠴᠤ ᠪᠤᠳᠠᠳᠠᠢ ᠬᠦᠴᠢᠷᠳᠡᠯ ᠢ ᠨᠢ ᠰᠢᠢᠳᠪᠦᠷᠢᠯᠡᠵᠦ ᠦᠭᠬᠦ ᠭᠡᠷᠡᠭᠳᠡᠢ ᠬᠡᠵᠦ  ᠴᠢᠬᠤᠯᠠᠴᠢᠯᠠᠪᠠ᠃      ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶᠠᠨ ᠤ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠳᠠ ᠳᠤ ᠪᠠᠷ᠎ᠠ ᠪᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号