ᠲᠠᠶᠢᠹᠤᠰᠧ ᠬᠤᠰᠢᠭᠤ ᠠᠶᠤᠯᠬᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/7/9
    7 ᠰᠠᠷ᠎ᠠ ᠶᠢᠨ 7 ᠤ ᠡᠳᠦᠷ᠂   ᠲᠠᠶᠢᠹᠤᠰᠧ ᠬᠤᠰᠢᠭᠤ ᠠᠶᠤᠯᠬᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠬᠦ  ᠠᠵᠢᠯ ᠤᠨ ᠬᠤᠷᠠᠯ  ᠬᠤᠷᠠᠯᠳᠤᠭᠤᠯᠵᠤ᠂  ᠤᠶᠢᠷ᠎ᠠ ᠶᠢᠨ  ᠬᠤᠭᠤᠴᠠᠭᠠᠨ ᠤ ᠠᠶᠤᠯᠬᠦᠢ ᠦᠢᠯᠡᠳᠪᠦᠷᠢᠯᠡᠯ ᠪᠤᠯᠤᠨ ᠦᠶᠡᠷ ᠤᠰᠤᠳᠠᠯ᠂ ᠭᠠᠩ ᠤᠨ ᠪᠠᠶᠢᠳᠠᠯ᠂ ᠭᠠᠵᠠᠷ ᠬᠦᠳᠡᠯᠦᠯᠳᠡ ᠶᠢᠨ ᠭᠠᠮᠰᠢᠭ ᠢ ᠰᠡᠷᠭᠡᠶᠢᠯᠡᠬᠦ ᠵᠡᠷᠭᠡ ᠠᠵᠢᠯ ᠢ  ᠪᠠᠶᠢᠷᠢᠯᠠᠭᠤᠯᠤᠭᠰᠠᠨ ᠪᠠᠶᠢᠨ᠎ᠠ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠪᠠᠶᠢᠩᠭᠤ ᠶᠢᠨ ᠲᠡᠳ᠋ ᠬᠤᠰᠢᠭᠤ ᠲᠠᠷᠤᠭ᠎ᠠ ᠯᠢ ᠵᠠᠨ ᠷᠦᠢ ᠬᠤᠷᠠᠯ ᠡᠷᠬᠢᠯᠡᠵᠦ ᠶᠠᠷᠢᠶ᠎ᠠ ᠲᠠᠯᠪᠢᠬᠤ ᠳᠠᠭᠠᠨ᠂   ᠠᠶᠤᠯᠬᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠯᠳᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠷᠨᠢᠬᠦᠯᠬᠦ ᠪᠤᠯ  ᠰᠢ ᠶᠢᠨ ᠫᠢᠩ ᠶᠡᠷᠦᠩᠬᠡᠢ ᠱᠦᠵᠢ ᠬᠢᠭᠡᠳ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠠᠶᠤᠯᠬᠦᠢ ᠦᠢᠯᠡᠳᠪᠦᠷᠢᠯᠡᠯ ᠤᠨ ᠠᠵᠢᠯ ᠳᠤ ᠬᠢᠭᠰᠡᠨ ᠴᠢᠬᠤᠯᠠ  ᠶᠡᠭᠡ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ᠎ᠠ᠃  ᠡᠨᠡ  ᠵᠢᠯ ᠪᠤᠯ ᠶᠠᠳᠠᠭᠤ  ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂  ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠵᠠᠩᠭᠢᠯᠠᠭ᠎ᠠ ᠶᠢᠨ ᠵᠢᠯ  ᠪᠤᠯᠬᠤᠷ᠂ ᠡᠨᠡ  ᠬᠦ᠋ ᠠᠵᠢᠯ ᠢ ᠰᠠᠶᠢᠨ ᠬᠢᠬᠦ ᠨᠢ ᠠᠴᠢ ᠬᠤᠯᠪᠤᠭᠳᠠᠯ ᠢᠶᠠᠷ ᠶᠡᠭᠡ ᠪᠠᠶᠢᠭ᠎ᠠ  ᠬᠡᠵᠦ ᠵᠢᠭᠠᠨ ᠭᠠᠷᠭᠠᠭᠰᠠᠨ   ᠤ ᠬᠠᠮᠳᠤ᠂  ᠡᠯ᠎ᠡ ᠰᠤᠮᠤ ᠰᠢᠶᠠᠩ ᠪᠠᠯᠭᠠᠰᠤ  ᠂ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠨᠢ ᠡᠷᠭᠡᠪᠰᠢ  ᠤᠯᠤᠰ ᠲᠦᠷᠦ ᠶᠢᠨ ᠪᠠ ᠪᠦᠬᠦ ᠲᠠᠯ᠎ᠠ ᠶᠢᠨ ᠦᠨᠳᠦᠷᠴᠡ ᠲᠡᠭᠡᠷ᠎ᠡ  ᠵᠤᠭᠰᠤᠨ  ᠠᠶᠤᠯᠬᠦᠢ ᠦᠢᠯᠡᠳᠪᠦᠷᠢᠯᠡᠯ ᠳᠤ ᠬᠠᠨᠳᠤᠵᠤ᠂   ᠠᠶᠤᠯᠬᠦᠢ ᠦᠢᠯᠡᠳᠪᠦᠷᠢᠯᠡᠯ ᠤᠨ ᠠᠵᠢᠯ ᠢ ᠰᠠᠶᠢᠨ ᠬᠢᠬᠦ ᠶᠢ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠬᠦ ᠪᠤᠳᠠᠳᠠᠢ ᠠᠵᠢᠯᠯᠠᠭ᠎ᠠ ᠪᠤᠯᠭᠠᠨ᠂ ︽ᠲᠦᠷᠪᠡᠨ  ᠤᠬᠠᠮᠰᠠᠷ︾  ᠢᠶᠠᠨ  ᠴᠢᠩᠭᠠᠳᠬᠠᠬᠤ᠂  ︽ᠲᠦᠷᠪᠡᠨ ᠢᠳᠡᠭᠡᠯ︾ ᠢᠶᠠᠨ ᠪᠠᠳᠤᠳᠬᠠᠬᠤ᠂  ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ   ᠶᠢᠨ ᠪᠤᠳᠠᠳᠠᠢ ᠰᠢᠯᠭᠠᠯᠳᠠ ᠪᠤᠯᠭᠠᠵᠤ᠂   ᠠᠰᠠᠭᠤᠳᠠᠯ ᠤᠨ ᠵᠢᠯᠤᠭᠤᠳᠤᠮᠵᠢ᠂ ᠬᠠᠷᠠᠯᠳᠠ ᠶᠢᠨ ᠵᠢᠯᠤᠭᠤᠳᠤᠮᠵᠢ᠂  ᠦᠷ᠎ᠡ  ᠳ᠋ᠦᠩ ᠤᠨ ᠵᠢᠯᠤᠭᠤᠳᠤᠮᠵᠢ ᠶᠢ ᠢᠮᠠᠭᠳᠠ ᠪᠠᠷᠢᠮᠳᠠᠯᠠᠨ᠂  ᠮᠠᠨ ᠤ ᠬᠤᠰᠢᠭᠤᠨ ᠤ 2 ᠲᠤᠰᠬᠠᠢ ᠰᠡᠳᠦᠪ ᠪᠠ 8 ᠲᠤᠰᠬᠠᠢ ᠲᠤᠰᠬᠠᠢ ᠴᠡᠭᠴᠡᠯᠡᠯᠳᠡ ᠶᠢᠨ ᠠᠭᠤᠯᠭ᠎ᠠ ᠲᠡᠭᠡᠷ᠎ᠡ ᠠᠩᠬᠠᠷᠤᠯ ᠢᠶᠠᠨ ᠲᠦᠪᠯᠡᠷᠡᠬᠦᠯᠵᠦ᠂  ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠴᠠᠷ᠎ᠠ ᠪᠠ  ᠠᠶᠤᠯᠬᠦᠢ ᠦᠢᠯᠡᠳᠪᠦᠷᠢᠯᠡᠯ ᠤᠨ  ᠭᠤᠤᠯᠳᠠᠯᠭ᠎ᠠ ᠲᠠᠢ ᠬᠦᠴᠢᠷ ᠠᠰᠠᠭᠤᠳᠠᠯ ᠲᠡᠭᠡᠷ᠎ᠡ ᠠᠩᠬᠠᠷᠤᠯ ᠢᠶᠠᠨ  ᠲᠦᠪᠯᠡᠷᠡᠬᠦᠯᠦᠨ᠂  ᠲᠤᠰᠬᠠᠢ ᠴᠡᠭᠴᠡᠯᠡᠯᠳᠡ  ᠶᠢᠨ ᠲᠦᠯᠦᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂  ᠲᠦᠯᠬᠢᠨ ᠠᠬᠢᠭᠤᠯᠬᠤ ᠲᠤᠭᠳᠠᠴᠠ ᠶᠢ ᠲᠡᠬᠦᠯᠳᠡᠷᠵᠢᠬᠦᠯᠦᠨ᠂   ᠴᠡᠭᠴᠡᠯᠡᠨ ᠵᠠᠰᠠᠬᠤ ᠡᠬᠦᠷᠭᠡ ᠬᠠᠷᠢᠭᠤᠴᠠᠯᠭ᠎ᠠ ᠶᠢ ᠲᠦᠷᠦᠯ ᠲᠠᠷᠠᠭᠠᠯᠠᠨ ᠨᠠᠶᠢᠳᠠᠪᠤᠷᠢᠵᠢᠭᠤᠯᠵᠤ᠂ ᠤᠬᠠᠭᠤᠯᠭ᠎ᠠ ᠬᠦᠮᠦᠵᠢᠯ ᠪᠠ  ᠪᠠᠶᠢᠴᠠᠭᠠᠯᠳᠠ ᠬᠢᠨᠠᠯᠳᠠ ᠶᠢ ᠴᠢᠩᠭᠠᠳᠬᠠᠨ᠂ ᠲᠤᠰᠬᠠᠢ ᠴᠡᠭᠴᠡᠯᠡᠯᠳᠡ ᠶᠢᠨ ᠡᠯ᠎ᠡ ᠲᠦᠷᠦᠯ ᠤᠨ ᠠᠵᠢᠯ ᠤᠨ  ᠠᠮᠵᠢᠯᠳᠠ ᠪᠦᠳᠦᠮᠵᠢ ᠶᠢ ᠪᠠᠳᠤᠯᠠᠬᠤ ᠭᠡᠷᠡᠭᠳᠡᠢ ᠬᠡᠵᠦ ᠴᠢᠬᠤᠯᠠᠴᠢᠯᠠᠪᠠ᠃       ᠯᠢ ᠵᠠᠨ ᠷᠦᠢ ᠪᠠᠰᠠ᠂ ᠦᠶᠡᠷ ᠤᠰᠤᠳᠠᠯ ᠢ ᠰᠡᠷᠭᠡᠶᠢᠯᠡᠵᠦ ᠭᠠᠩ ᠭᠠᠮᠰᠢᠭ ᠲᠠᠢ ᠲᠡᠮᠡᠴᠡᠬᠦ ᠡᠯ᠎ᠡ ᠲᠦᠷᠦᠯ  ᠤᠨ ᠠᠵᠢᠯ ᠢ  ᠦᠷᠬᠦᠯᠵᠢᠯᠡᠨ ᠯᠠᠪᠳᠠᠭᠤᠨ ᠪᠠᠳᠤᠳᠠᠢ  ᠬᠢᠵᠦ᠂ ᠬᠠᠷᠢᠭᠤᠴᠠᠯᠭ᠎ᠠ ᠶᠢᠨ  ᠲᠤᠭᠳᠠᠯᠴᠠᠭ᠎ᠠ ᠶᠢ ᠲᠡᠬᠦᠯᠳᠡᠷᠵᠢᠬᠦᠯᠬᠦ ᠭᠡᠷᠡᠭᠳᠡᠢ᠃   ᠲᠠᠯᠳᠠ ᠭᠡᠮ ᠤᠨ ᠪᠠᠶᠢᠴᠠᠭᠠᠯᠳᠠ ᠴᠡᠭᠴᠡᠯᠡᠯᠳᠡ ᠶᠢ ᠪᠦᠬᠦ ᠲᠠᠯ᠎ᠠ ᠪᠠᠷ ᠦᠷᠨᠢᠬᠦᠯᠵᠦ ᠂  ᠤᠷᠢᠳᠴᠢᠯᠡᠨ ᠰᠡᠷᠡᠮᠵᠢᠯᠡᠬᠦᠯᠬᠦ ᠪᠠ ᠠᠶᠤᠯ ᠠᠴᠠ ᠵᠠᠶᠢᠯᠠᠭᠤᠯᠬᠤ ᠴᠢᠳᠠᠪᠤᠷᠢ ᠶᠢ ᠲᠡᠭᠡᠭᠰᠢᠯᠡᠬᠦᠯᠬᠦ ᠪᠠᠷ ᠬᠠᠷᠠᠯᠳᠠ ᠪᠤᠯᠭᠠᠨ᠂   ᠤᠷᠢᠳᠴᠢᠯᠡᠨ ᠰᠡᠷᠡᠮᠵᠢᠯᠡᠬᠦᠯᠬᠦ ᠠᠷᠭ᠎ᠠ ᠪᠠᠷᠢᠯ ᠢ ᠲᠡᠬᠦᠯᠳᠡᠷᠵᠢᠬᠦᠯᠵᠦ᠂   ᠴᠠᠭ  ᠠᠭᠤᠷ ᠤᠨ ᠤᠷᠢᠳᠴᠢᠯᠠᠭᠰᠠᠨ ᠮᠡᠳᠡᠭᠡ ᠶᠢ ᠴᠠᠭ ᠲᠤᠬᠠᠢ ᠳᠤᠨᠢ ᠤᠨᠤᠪᠴᠢᠳᠠᠢ ᠨᠡᠶᠢᠳᠡᠯᠡᠬᠦ ᠭᠡᠷᠡᠭᠳᠡᠢ᠃ ᠢᠯᠠᠩᠭᠤᠶ᠎ᠠ ᠦᠶᠡᠷ ᠤᠨ ᠭᠤᠤᠯ ᠬᠤᠭᠤᠴᠠᠭᠠᠨ ᠳᠤ᠂ ᠤᠷᠢᠳᠴᠢᠯᠠᠭᠰᠠᠨ  ᠮᠡᠳᠡᠭᠡ ᠶᠢ ᠲᠠᠬᠢᠨ ᠲᠠᠪᠳᠠᠨ ᠨᠡᠶᠢᠳᠡᠯᠡᠵᠦ᠂   ᠮᠡᠳᠡᠭᠡ ᠵᠠᠩᠬᠢ  ᠶᠢᠨ ᠴᠠᠭᠴᠢ ᠴᠢᠨᠠᠷ ᠪᠠ ᠤᠨᠤᠪᠴᠢᠳᠤ ᠴᠢᠨᠠᠷ ᠢ ᠪᠠᠳᠤᠯᠠᠨ᠂   ᠦᠶᠡᠷ ᠰᠡᠷᠭᠡᠶᠢᠯᠡᠬᠦ ᠠᠵᠢᠯ   ᠢ ᠵᠢᠯᠤᠭᠤᠳᠴᠤ ᠵᠤᠬᠢᠴᠠᠭᠤᠯᠬᠤ ᠳᠤ ᠮᠡᠷᠭᠡᠵᠢᠯ ᠤᠨ ᠪᠠᠳᠤᠯᠠᠭ᠎ᠠ ᠪᠠ  ᠰᠢᠢᠳᠪᠦᠷᠢᠳᠦ ᠪᠤᠳᠤᠯᠭ᠎ᠠ ᠶᠢᠨ ᠲᠤᠯᠭᠠᠭᠤᠷᠢᠯᠠᠯ ᠬᠠᠩᠭᠠᠬᠤ ᠭᠡᠷᠡᠭᠳᠡᠢ᠃   ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠤᠳᠤᠷᠢᠳᠤᠯᠭ᠎ᠠ ᠲᠠᠭᠠᠭᠤᠯᠤᠨ 24 ᠴᠠᠭ ᠢᠶᠠᠷ ᠵᠢᠵᠢᠬᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂  ᠴᠢᠮᠡᠭᠡ  ᠬᠤᠯᠪᠤᠭ᠎ᠠ ᠰᠠᠭᠠᠳ ᠦᠬᠡᠢ ᠨᠡᠪᠳᠡᠷᠡᠬᠦ ᠶᠢ ᠪᠠᠳᠤᠯᠠᠬᠤ ᠭᠡᠷᠡᠭᠳᠡᠢ᠃   ᠭᠠᠵᠠᠷ ᠬᠦᠳᠡᠯᠦᠯᠳᠡ ᠶᠢ ᠤᠷᠢᠳᠴᠢᠯᠡᠨ ᠮᠡᠳᠡᠭᠡᠯᠡᠬᠦ  ᠂  ᠪᠠᠶᠢᠰᠢᠩ ᠪᠠᠷᠢᠯᠭ᠎ᠠ ᠶᠢᠨ ᠴᠢᠨᠠᠷ  ᠢ ᠰᠠᠶᠢᠵᠢᠷᠠᠭᠤᠯᠬᠤ  ᠂  ᠲᠦᠭᠰᠢᠬᠦᠷᠢ ᠶᠢᠨ ᠲᠠᠯᠳᠠ ᠭᠡᠮ ᠢ ᠪᠠᠶᠢᠴᠠᠭᠠᠬᠤ᠂   ᠭᠠᠮᠰᠢᠭ ᠲᠠᠢ ᠲᠡᠮᠡᠴᠡᠵᠦ ᠬᠤᠬᠢᠷᠠᠯ ᠢ ᠪᠠᠭᠠᠰᠬᠠᠬᠤ ᠨᠡᠶᠢᠳᠡ ᠶᠢᠨ ᠦᠢᠯᠡᠴᠢᠯᠡᠬᠡᠨ ᠤ ᠲᠦᠪᠰᠢᠨ ᠲᠡᠭᠡᠭᠰᠢᠯᠡᠬᠦᠯᠵᠦ᠂   ᠰᠡᠷᠭᠡᠶᠢᠯᠡᠨ ᠬᠤᠷᠢᠭᠯᠠᠬᠤ ᠴᠢᠳᠠᠪᠤᠷᠢ  ᠶᠢ ᠦᠨᠡᠨᠬᠦ ᠴᠢᠩᠭᠠᠷᠠᠭᠤᠯᠤᠨ᠂  ᠭᠠᠵᠠᠷ ᠬᠦᠳᠡᠯᠦᠯᠳᠡ ᠶᠢ ᠰᠡᠷᠭᠡᠶᠢᠯᠡᠵᠦ ᠭᠠᠮᠰᠢᠭ ᠤᠨ ᠬᠤᠬᠢᠷᠠᠯ ᠢ ᠪᠠᠭᠠᠰᠬᠠᠬᠤ ᠡᠯ᠎ᠡ ᠲᠦᠷᠦᠯ ᠤᠨ ᠠᠵᠢᠯ ᠢ ᠰᠠᠶᠢᠨ ᠬᠢᠬᠦ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃      ᠬᠤᠷᠠᠯ ᠲᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠲᠡᠳ᠋ ᠬᠤᠰᠢᠭᠤ ᠲᠠᠷᠤᠭ᠎ᠠ ᠭᠤᠤ ᠯᠢᠶᠠᠩ 2019 ᠤᠨ ᠤ  ᠠᠶᠤᠯᠬᠦᠢ ᠦᠢᠯᠡᠳᠪᠦᠷᠢᠯᠡᠯ ᠤᠨ ᠠᠵᠢᠯ ᠤᠨ ᠲᠡᠷᠢᠬᠦᠨ ᠤ ᠨᠢᠬᠡᠴᠡ ᠪᠠ ᠬᠤᠪᠢ ᠬᠦᠮᠦᠨ ᠢ ᠰᠠᠶᠢᠰᠢᠶᠠᠨ ᠬᠦᠬᠢᠬᠦᠯᠬᠦ ᠲᠤᠭᠳᠠᠭᠠᠯ ᠢ ᠨᠡᠶᠢᠳᠡᠯᠡᠵᠦ᠂  ᠲᠡᠳ᠋ ᠬᠤᠰᠢᠭᠤ ᠲᠠᠷᠤᠭ᠎ᠠ  ᠯᠢ ᠵᠠᠨ ᠪᠤᠤ  ᠠᠶᠤᠯᠬᠦᠢ ᠦᠢᠯᠡᠳᠪᠦᠷᠢᠯᠡᠯ  ᠪᠠ ᠭᠠᠮᠰᠢᠭ ᠲᠠᠢ ᠲᠡᠮᠡᠴᠡᠬᠦ ᠠᠵᠢᠯ ᠢ ᠦᠷᠨᠢᠬᠦᠯᠬᠦ ᠲᠤᠬᠠᠢ ᠤᠷᠤᠨ᠂ ᠠᠶᠢᠮᠠᠭ ᠤᠨ ᠤᠳᠤᠷᠢᠳᠤᠯᠭ᠎ᠠ ᠶᠢᠨ  ᠵᠢᠭᠠᠪᠤᠷᠢ ᠵᠠᠬᠢᠶ᠎ᠠ ᠶᠢ ᠤᠯᠠᠮᠵᠢᠯᠠᠨ᠂  ᠬᠤᠰᠢᠭᠤᠨ ᠤ ᠠᠶᠤᠯᠬᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠲᠤᠪᠴᠢᠶ᠎ᠠ ᠠᠴᠠ ᠪᠦᠬᠦ ᠬᠤᠰᠢᠭᠤᠨ ᠤ ᠲᠡᠭᠡᠷ᠎ᠡ ᠬᠠᠭᠠᠰ ᠵᠢᠯ   ᠳᠠᠬᠢ ᠠᠶᠤᠯᠬᠦᠢ ᠦᠢᠯᠡᠳᠪᠦᠷᠢᠯᠡᠯ   ᠤᠨ ᠠᠵᠢᠯ ᠪᠠ ︽ ᠠᠶᠤᠯᠬᠦᠢ ᠦᠢᠯᠡᠳᠪᠦᠷᠢᠯᠡᠯ   ᠤᠨ ᠰᠠᠷ᠎ᠠ︾ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠮᠡᠳᠡᠬᠦᠯᠦᠯᠳᠡ ᠬᠢᠭᠰᠡᠨ ᠪᠦᠬᠡᠳ  ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ   ᠤᠨ ᠭᠤᠷᠪᠠᠨ ᠵᠢᠯ ᠤᠨ ᠲᠤᠰᠬᠠᠢ ᠴᠡᠭᠴᠡᠯᠡᠯᠳᠡ ᠶᠢᠨ ᠠᠵᠢᠯᠯᠠᠭᠠᠨ ᠤ ᠭᠡᠷᠡᠭᠵᠢᠬᠦᠯᠬᠦ ᠲᠦᠰᠦᠪ ᠢ  ᠤᠩᠰᠢᠨ ᠨᠡᠶᠢᠳᠡᠯᠡᠪᠡ᠃  ᠬᠤᠷᠠᠯ ᠲᠡᠭᠡᠷ᠎ᠡ ᠪᠠᠰᠠ  ᠠᠶᠤᠯᠬᠦᠢ ᠦᠢᠯᠡᠳᠪᠦᠷᠢᠯᠡᠯ ᠤᠨ ᠠᠵᠢᠯ ᠤᠨ ᠲᠡᠷᠢᠬᠦᠨ ᠤ ᠨᠢᠬᠡᠴᠡ ᠪᠠ ᠬᠤᠪᠢ ᠬᠦᠮᠦᠨ ᠳᠤ ᠱᠠᠩᠨᠠᠯ ᠬᠦᠬᠢᠬᠦᠯᠦᠯ ᠤᠯᠭᠤᠵᠠᠢ᠃      ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠵᠦᠪᠯᠡᠯ ᠤᠨ ᠭᠡᠰᠢᠬᠦᠨ ᠨᠢᠬᠡᠴᠡ ᠪᠠ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠵᠢᠯᠤᠭᠤᠳᠬᠤ ᠭᠠᠵᠠᠷ ᠤᠨ ᠭᠡᠰᠢᠬᠦᠨ ᠨᠢᠬᠡᠴᠡ ᠶᠢᠨ ᠭᠤᠤᠯ ᠬᠠᠷᠢᠭᠤᠴᠠᠯᠭᠠᠳᠠᠨ  ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠳᠠᠨ  ᠵᠢᠴᠢ ᠱᠠᠩᠨᠠᠯ ᠤᠯᠤᠭᠰᠠᠨ ᠨᠢᠬᠡᠴᠡ ᠪᠠ ᠬᠤᠪᠢ ᠬᠦᠮᠦᠨ ᠤ ᠲᠦᠯᠦᠭᠡᠯᠡᠭᠴᠢ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号