︽ᠲᠦᠷᠪᠡᠨ ᠤᠬᠠᠮᠰᠠᠷ︾ ᠬᠡᠵᠦ ᠶᠠᠭᠤ ᠪᠤᠢ
ᠨᠡᠶᠢᠲᠡᠯᠡᠭᠰᠡᠨ ᠴᠠᠭ᠄
2020/7/9
   ᠤᠯᠤᠰ ᠲᠦᠷᠦ ᠶᠢᠨ ᠤᠬᠠᠮᠰᠠᠷ — ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠳᠤ ᠬᠠᠨᠳᠤᠵᠤ᠂ ᠠᠰᠠᠭᠤᠳᠠᠯ ᠢ ᠵᠠᠳᠠᠯᠵᠤ᠂ ᠠᠰᠠᠭᠤᠳᠠᠯ ᠢ ᠰᠢᠢᠳᠪᠦᠷᠢᠯᠡᠬᠦ ᠶᠢ ᠱᠠᠭᠠᠷᠳᠠᠨ᠎ᠠ᠃ ᠮᠠᠨ ᠤ ᠨᠠᠮ ᠨᠢ ᠮᠠᠷᠺᠰ ᠤᠨ ᠦᠵᠡᠯ  ᠤᠨ ᠤᠯᠤᠰ ᠲᠦᠷᠦ ᠶᠢᠨ ᠨᠠᠮ ᠪᠤᠯᠤᠭᠰᠠᠨ ᠤ ᠬᠤᠪᠢ ᠳᠤ᠂  ᠤᠯᠤᠰ ᠲᠦᠷᠦ ᠶᠢ ᠡᠷᠬᠢᠮᠯᠡᠬᠦ ᠪᠤᠯ ᠲᠤᠪᠤᠶᠢᠮ᠎ᠠ ᠤᠨᠴᠠᠯᠢᠭ ᠪᠠ ᠲᠠᠪᠠᠭᠤᠯᠢᠭ ᠪᠤᠯᠤᠨ᠎ᠠ᠃ ᠤᠯᠤᠰ ᠲᠦᠷᠦ ᠶᠢᠨ ᠤᠬᠠᠮᠰᠠᠷ ᠤᠨ ᠢᠯᠡᠷᠡᠯ ᠪᠤᠯ᠄  ᠤᠯᠤᠰ ᠲᠦᠷᠦ ᠶᠢᠨ ᠢᠳᠡᠭᠡᠯ ᠪᠢᠰᠢᠷᠡᠯ ᠢᠶᠠᠨ ᠪᠠᠳᠤᠳᠬᠠᠵᠤ᠂ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢ ᠪᠠᠷᠢᠮᠳᠠᠯᠠᠨ᠂  ᠤᠯᠤᠰ ᠲᠦᠷᠦ ᠶᠢᠨ ᠵᠠᠷᠴᠢᠮ ᠢ ᠪᠠᠷᠢᠮᠳᠠᠯᠠᠵᠤ᠂  ᠤᠯᠤᠰ ᠲᠦᠷᠦ ᠶᠢᠨ ᠵᠤᠭᠰᠤᠯᠳᠠ ᠪᠠᠨ ᠯᠠᠪᠳᠠᠭᠤᠨ ᠪᠠᠶᠢᠯᠠᠭᠠᠨ᠂  ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠶᠢ ᠴᠢᠩᠭᠠᠷᠠᠭᠤᠯᠤᠨ᠎ᠠ᠃ ᠨᠠᠮ ᠤᠨ ᠲᠤᠳᠤᠭᠠᠳᠤ   ᠶᠢᠨ ᠤᠯᠤᠰ ᠲᠦᠷᠦ ᠶᠢᠨ ᠠᠮᠢᠳᠤᠷᠠᠯ ᠢ ᠲᠦᠪ ᠴᠢᠩᠭ᠎ᠠ ᠪᠠᠶᠢᠯᠠᠭᠠᠵᠤ ᠂ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠶᠤᠰᠤ ᠲᠦᠷᠢᠮ ᠢ ᠴᠢᠩᠭ᠎ᠠ ᠰᠠᠬᠢᠨ᠂  ᠲᠦᠷᠦ  ᠶᠢᠨ ᠪᠤᠳᠤᠯᠭ᠎ᠠ ᠶᠢ ᠰᠤᠳᠤᠯᠤᠨ ᠲᠤᠭᠳᠠᠬᠤ ᠳᠤ ᠤᠯᠤᠰ ᠲᠦᠷᠦ ᠶᠢᠨ ᠴᠢᠭᠯᠡᠯ ᠢ ᠡᠵᠡᠮᠳᠡᠵᠦ᠂  ᠠᠵᠢᠯ ᠦᠢᠯᠡᠰ  ᠢᠶᠠᠨ ᠲᠦᠯᠦᠪᠯᠡᠨ ᠠᠬᠢᠭᠤᠯᠬᠤ ᠳᠤ ᠤᠯᠤᠰ ᠲᠦᠷᠦ ᠶᠢᠨ ᠱᠠᠭᠠᠷᠳᠠᠯᠭ᠎ᠠ ᠶᠢ ᠲᠤᠤᠱᠯᠠᠭᠤᠯᠵᠤ᠂  ᠵᠦᠷᠢᠴᠡᠯ ᠠᠰᠠᠭᠤᠳᠠᠯ ᠢ ᠰᠢᠢᠳᠪᠦᠷᠢᠯᠡᠬᠦ ᠳᠤ ᠤᠯᠤᠰ ᠲᠦᠷᠦ ᠶᠢᠨ ᠨᠦᠯᠦᠬᠡ ᠶᠢ  ᠠᠩᠬᠠᠷᠤᠨ᠂  ᠨᠠᠮ ᠤᠨ ᠭᠡᠰᠢᠬᠦᠨ ᠬᠦᠮᠦᠵᠢᠬᠦᠯᠵᠦ ᠺᠠᠳᠠᠷ ᠠᠵᠢᠯᠳᠠᠨ ᠭᠡᠷᠡᠭᠯᠡᠬᠦ ᠳᠡᠭᠡᠨ ᠤᠯᠤᠰ ᠲᠦᠷᠦ ᠶᠢᠨ ᠪᠠᠷᠢᠮᠵᠢᠶ᠎ᠠ ᠶᠢ ᠲᠤᠪᠤᠶᠢᠯᠭᠠᠵᠤ᠂  ᠡᠯ᠎ᠡ ᠲᠦᠷᠦᠯ ᠤᠨ ᠵᠤᠬᠢᠶᠠᠨ ᠪᠠᠶᠢᠭᠤᠯᠤᠯᠳᠠ ᠳᠤ ᠤᠯᠤᠰ ᠲᠦᠷᠦ ᠶᠢᠨ ᠤᠳᠤᠷᠢᠳᠤᠯᠭ᠎ᠠ᠂ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠨ᠂  ᠡᠯ᠎ᠡ ᠲᠦᠷᠦᠯ ᠤᠨ ᠴᠢᠳᠠᠪᠤᠷᠢᠳᠠᠨ ᠳᠤ ᠤᠯᠤᠰ ᠲᠦᠷᠦ ᠶᠢᠨ ᠬᠦᠯᠢᠶᠡᠨ ᠠᠪᠤᠯᠳᠠ ᠶᠢ ᠴᠢᠩᠭᠠᠳᠬᠠᠨ᠎ᠠ᠃      ᠶᠡᠭᠡ ᠲᠠᠯ᠎ᠠ ᠶᠢᠨ ᠤᠬᠠᠮᠰᠠᠷ — ᠤᠬᠠᠮᠰᠠᠷ ᠠᠴᠠ ᠪᠠᠨ  ᠶᠡᠭᠡ ᠲᠠᠯ᠎ᠠ ᠠᠴᠠ ᠠᠰᠠᠭᠤᠳᠠᠯ ᠢ ᠬᠠᠷᠠᠵᠤ᠂ ᠠᠵᠢᠯ ᠦᠢᠯᠡᠰ ᠢᠶᠠᠨ ᠶᠡᠭᠡ ᠲᠠᠯ᠎ᠠ ᠶᠢᠨ ᠲᠤᠮᠳᠠ ᠰᠡᠳᠬᠢᠵᠦ ᠲᠤᠭᠳᠠᠭᠠᠵᠤ ᠡᠷᠭᠡᠰᠢᠶᠡᠬᠦ ᠶᠢ ᠱᠠᠭᠠᠷᠳᠠᠨ᠂  ᠶᠡᠭᠡ ᠲᠠᠯ᠎ᠠ ᠶᠢ ᠵᠦᠪ ᠲᠠᠨᠢᠵᠤ᠂ ᠶᠡᠭᠡ ᠲᠠᠯ᠎ᠠ ᠶᠢ ᠤᠬᠠᠮᠰᠠᠷ ᠠᠴᠠ ᠪᠠᠨ ᠲᠠᠭᠠᠨ᠂  ᠶᠡᠭᠡ ᠲᠠᠯ᠎ᠠ ᠶᠢ ᠡᠷᠡᠰ ᠬᠠᠮᠠᠭᠠᠯᠠᠨ᠎ᠠ᠃  ᠶᠡᠭᠡ ᠲᠠᠯ᠎ᠠ ᠶᠢᠨ ᠤᠬᠠᠮᠰᠠᠷ ᠢ  ᠴᠢᠩᠭᠠᠳᠬᠠᠬᠤ ᠪᠤᠯ ᠲᠠᠷᠤᠢ  ᠲᠦᠪ ᠬᠤᠷᠢᠶ᠎ᠠ ᠪᠠ ᠭᠠᠵᠠᠷ ᠤᠷᠤᠨ ᠤ᠂ ᠭᠡᠰᠡᠭ ᠲᠠᠯ᠎ᠠ ᠪᠠ ᠪᠦᠬᠦ ᠲᠠᠯ᠎ᠠ ᠶᠢᠨ᠂  ᠤᠳᠤᠬᠠᠨ ᠤ ᠪᠠ ᠤᠷᠳᠤ ᠤᠳᠠᠭᠠᠨ ᠤ ᠬᠠᠷᠢᠴᠠᠭ᠎ᠠ ᠶᠢ ᠵᠦᠪ ᠤᠨᠤᠪᠴᠢᠳᠠᠢ ᠰᠢᠢᠳᠪᠦᠷᠢᠯᠡᠵᠦ᠂   ᠨᠠᠮ ᠲᠦᠷᠦ ᠶᠢᠨ ᠶᠡᠭᠡ ᠲᠠᠯ᠎ᠠ ᠠᠴᠠ ᠡᠬᠦᠰᠦᠨ ᠠᠰᠠᠭᠤᠳᠠᠯ ᠢ ᠪᠤᠳᠤᠯᠬᠢᠯᠠᠵᠤ᠂  ᠠᠵᠢᠯ ᠢ  ᠬᠦᠢᠴᠡᠳᠭᠡᠵᠦ᠂ ᠨᠠᠶᠢᠳᠠᠪᠤᠷᠢᠵᠢᠯᠳᠠ ᠶᠢ ᠠᠳᠬᠤᠵᠤ᠂  ᠲᠦᠪ ᠬᠤᠷᠢᠶᠠᠨ ᠤ ᠰᠢᠢᠳᠪᠦᠷᠢᠳᠦ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠤᠨ᠂  ᠲᠦᠪ ᠬᠤᠷᠢᠶᠠᠨ ᠤ  ᠵᠠᠷᠯᠢᠭ ᠵᠢᠭᠠᠪᠤᠷᠢ ᠰᠠᠭᠠᠳ ᠦᠬᠡᠢ ᠶᠠᠪᠤᠭᠳᠠᠬᠤ ᠶᠢ ᠪᠠᠳᠤᠯᠠᠨ᠎ᠠ᠃     ᠨᠢᠬᠡᠳᠦᠯᠳᠡᠢ ᠪᠠᠶᠢᠬᠤ ᠤᠬᠠᠮᠰᠠᠷ — ᠨᠠᠮ ᠤᠨ ᠲᠦᠪ ᠬᠤᠷᠢᠶ᠎ᠠ ᠯᠤᠭ᠎ᠠ ᠨᠢᠬᠡᠳᠦᠯᠳᠡᠢ ᠪᠠᠶᠢᠬᠤ᠂ ᠨᠠᠮ ᠤᠨ ᠤᠨᠤᠯ ᠪᠠ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠯᠤᠭ᠎ᠠ ᠨᠢᠬᠡᠳᠦᠯᠳᠡᠢ ᠪᠠᠶᠢᠬᠤ᠂  ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠠᠶᠢᠷᠢᠯᠠᠭᠤᠯᠤᠯᠳᠠ ᠯᠤᠭ᠎ᠠ ᠨᠢᠬᠡᠳᠦᠯᠳᠡᠢ ᠪᠠᠶᠢᠬᠤ ᠶᠢ ᠱᠠᠭᠠᠷᠳᠠᠨ᠂  ᠲᠦᠪ ᠬᠤᠷᠢᠶᠠᠨ  ᠤ  ᠤᠷᠢᠶᠠᠯᠠᠭᠰᠠᠨ  ᠶᠠᠪᠤᠳᠠᠯ ᠢ ᠡᠷᠡᠰ ᠲᠠᠭᠠᠵᠤ᠂  ᠲᠦᠪ ᠬᠤᠷᠢᠶᠠᠨ ᠤ ᠲᠤᠭᠳᠠᠭᠰᠠᠨ ᠶᠠᠪᠤᠳᠠᠯ ᠢ ᠡᠷᠡᠰ ᠭᠡᠷᠡᠭᠵᠢᠬᠦᠯᠦᠨ᠂  ᠲᠦᠪ ᠬᠤᠷᠢᠶᠠᠨ ᠤ ᠴᠠᠭᠠᠵᠠᠯᠠᠭᠰᠠᠨ ᠶᠠᠪᠤᠳᠠᠯ ᠢ ᠡᠷᠡᠰ ᠬᠢᠬᠦ ᠦᠬᠡᠢ᠃  ᠡᠨᠡ ᠬᠦ᠋ ︽ᠭᠤᠷᠪᠠᠨ ᠨᠢᠬᠡᠳᠦᠯᠳᠡᠢ︾᠂ ︽ ᠭᠤᠷᠪᠠᠨ ᠡᠷᠡᠰ︾ ᠪᠤᠯ ᠤᠯᠤᠰ ᠲᠦᠷᠦ ᠶᠢᠨ ᠱᠠᠭᠠᠷᠳᠠᠯᠭ᠎ᠠ  ᠮᠦᠷᠳᠡᠭᠡᠨ ᠤᠯᠤᠰ ᠲᠦᠷᠦ  ᠶᠢᠨ ᠰᠠᠬᠢᠯᠭ᠎ᠠ ᠪᠠᠳᠤ ᠶᠤᠮ᠃  ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠭᠡᠰᠢᠬᠦᠨ᠂ ᠺᠠᠳᠠᠷ ᠨᠢᠬᠡᠪᠦᠷᠢ ᠲᠡᠭᠡᠳᠦ ᠬᠡᠮᠵᠢᠶᠡᠨ ᠤ ᠨᠢᠬᠡᠳᠦᠯᠳᠡᠢ ᠪᠠᠶᠢᠬᠤ ᠤᠬᠠᠮᠰᠠᠷ ᠢ ᠪᠤᠢ ᠪᠤᠯᠭᠠᠵᠤ᠂   ᠦᠷᠬᠦᠯᠵᠢ ᠨᠠᠮ ᠤᠨ ᠲᠦᠪ ᠬᠤᠷᠢᠶᠠᠨ ᠤ ᠱᠠᠭᠠᠷᠳᠠᠯᠭ᠎ᠠ ᠲᠠᠢ ︽ ᠴᠠᠭ ᠢᠶᠠᠨ ᠲᠠᠭᠠᠷᠠᠭᠤᠯᠤᠨ︾᠂  ︽ᠬᠦᠮᠦᠨ  ᠠᠴᠠ  ᠬᠤᠴᠤᠷᠤᠭᠰᠠᠨ︾ ᠠᠰᠠᠭᠤᠳᠠᠯ ᠪᠠᠶᠢᠬᠤ ᠡᠰᠡᠬᠦ  ᠂  ︽ ᠴᠠᠭ ᠤᠨ ᠵᠦᠷᠢᠶᠡᠨ  ︾ ᠤ ᠠᠰᠠᠭᠤᠳᠠᠯ ᠪᠠᠶᠢᠬᠤ ᠡᠰᠡᠬᠦ  ᠂  ︽ᠨᠢᠬᠡᠳᠦᠯᠳᠡᠢ ᠪᠤᠰᠤ︾ ᠠᠰᠠᠭᠤᠳᠠᠯ ᠪᠠᠶᠢᠬᠤ ᠡᠰᠡᠬᠦ   ᠪᠠᠨ ᠬᠠᠷᠠᠵᠤ᠂  ᠰᠠᠨᠠᠭᠠᠴᠢᠯᠠᠭ᠎ᠠ ᠲᠠᠢ ᠪᠠᠷ ᠲᠤᠬᠢᠷᠠᠭᠤᠯᠤᠯᠳᠠ ᠬᠢᠵᠦ᠂ ᠵᠠᠰᠠᠨ ᠵᠠᠯᠠᠷᠠᠭᠤᠯᠬᠤ ᠭᠡᠷᠡᠭᠳᠡᠢ᠃     ᠭᠤᠤᠯᠯᠠᠭᠴᠢ ᠶᠢᠨ ᠤᠬᠠᠮᠰᠠᠷ — ᠦᠵᠡᠯ ᠰᠠᠨᠠᠭ᠎ᠠ ᠲᠡᠭᠡᠷ᠎ᠡ ᠪᠠᠨ ᠭᠤᠤᠯᠯᠠᠭᠴᠢ ᠶᠢ ᠮᠡᠳᠡᠷᠡᠵᠦ᠂ ᠤᠯᠤᠰ ᠲᠦᠷᠦ ᠲᠡᠭᠡᠷ᠎ᠡ ᠪᠠᠨ ᠭᠤᠤᠯᠯᠠᠭᠴᠢ ᠶᠢ ᠲᠤᠭᠤᠷᠢᠵᠤ᠂  ᠵᠤᠬᠢᠶᠠᠨ ᠪᠠᠶᠢᠭᠤᠯᠤᠯᠳᠠ ᠲᠡᠭᠡᠷ᠎ᠡ ᠪᠠᠨ ᠭᠤᠤᠯᠯᠠᠭᠴᠢ ᠶᠢ ᠲᠠᠭᠠᠵᠤ᠂  ᠦᠢᠯᠡ  ᠠᠵᠢᠯᠯᠠᠭ᠎ᠠ ᠲᠡᠭᠡᠷ᠎ᠡ ᠪᠠᠨ ᠭᠤᠤᠯᠯᠠᠭᠴᠢ ᠶᠢ ᠬᠠᠮᠠᠭᠠᠯᠠᠬᠤ ᠶᠢ ᠱᠠᠭᠠᠷᠳᠠᠨ᠎ᠠ᠃  ᠭᠤᠤᠯᠯᠠᠭᠴᠢ  ᠶᠢᠨ ᠤᠬᠠᠮᠰᠠᠷ ᠢ ᠴᠢᠩᠭᠠᠳᠬᠠᠬᠤ ᠪᠤᠯ ᠲᠠᠷᠤᠢ ᠨᠠᠮ ᠤᠨ ᠤᠳᠤᠷᠢᠳᠤᠯᠭ᠎ᠠ᠂ ᠢᠯᠠᠩᠭᠤᠶ᠎ᠠ ᠨᠠᠮ ᠤᠨ ᠲᠦᠪ ᠬᠤᠷᠢᠶᠠᠨ  ᠤ ᠲᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠶᠢ ᠡᠬᠦᠷᠢᠳᠡ ᠪᠠᠷᠢᠮᠳᠠᠯᠠᠨ᠂ ᠦᠨᠡᠨᠬᠦ ᠴᠢᠩᠭᠠᠳᠬᠠᠵᠤ᠂ ᠰᠢ ᠶᠢᠨ ᠫᠢᠩ ᠨᠦᠬᠦᠷ ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠴᠢᠩᠭ᠎ᠠ ᠨᠢᠬᠳᠠᠷᠠᠨ ᠪᠦᠯᠬᠦᠮᠳᠡᠵᠦ᠂  ᠨᠠᠮ ᠤᠨ ᠲᠦᠪ ᠬᠤᠷᠢᠶᠠᠨ ᠤ ᠡᠷᠭᠡ ᠰᠦᠷ ᠢ ᠨᠡᠩ  ᠡᠷᠡᠰ ᠪᠠᠳᠤ ᠬᠠᠮᠠᠭᠠᠯᠠᠵᠤ  ᠂  ᠨᠡᠩ ᠤᠬᠠᠮᠰᠠᠷ ᠲᠠᠢ ᠪᠠᠷ ᠦᠵᠡᠯ ᠰᠠᠨᠠᠭ᠎ᠠ ᠤᠯᠤᠰ ᠲᠦᠷᠦ ᠦᠢᠯᠡ  ᠠᠵᠢᠯᠯᠠᠭ᠎ᠠ ᠪᠠᠨ ᠨᠠᠮ ᠤᠨ ᠲᠦᠪ  ᠬᠤᠷᠢᠶ᠎ᠠ  ᠯᠤᠭ᠎ᠠ ᠲᠡᠭᠡᠳᠦ ᠬᠡᠮᠵᠢᠶ᠎ᠡ ᠪᠠᠷ ᠨᠢᠬᠡᠳᠦᠯᠳᠡᠢ  ᠪᠠᠶᠢᠯᠭᠠᠨ᠂  ᠨᠡᠩ ᠯᠠᠪᠳᠠᠭᠤᠨ ᠪᠠᠳᠤᠳᠠᠢ ᠪᠠᠷ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠭᠰᠠᠨ ᠡᠯ᠎ᠡ ᠲᠦᠷᠦᠯ ᠤᠨ ᠡᠬᠦᠷᠭᠡ ᠶᠢ ᠪᠤᠳᠠᠳᠠᠢ ᠳᠤ ᠨᠠᠶᠢᠳᠠᠪᠤᠷᠢᠵᠢᠭᠤᠯᠵᠤ᠂  ᠨᠠᠮ ᠤᠨ ᠬᠡᠵᠢᠶ᠎ᠡ ᠡᠬᠦᠷᠢᠳᠡ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠢᠯᠡᠰ ᠤᠨ ᠡᠷᠡᠰ ᠪᠠᠳᠤ ᠤᠳᠤᠷᠢᠳᠬᠤ ᠭᠤᠤᠯᠯᠠᠭᠴᠢ ᠪᠤᠯᠬᠤ ᠶᠢ ᠪᠠᠳᠤᠯᠠᠬᠤ ᠭᠡᠷᠡᠭᠳᠡᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号