︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠬᠡᠵᠦ ᠶᠠᠭᠤ ᠪᠤᠢ
ᠨᠡᠶᠢᠲᠡᠯᠡᠭᠰᠡᠨ ᠴᠠᠭ᠄
2020/7/9
      ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ — 2012 ᠤᠨ ᠳᠤ ᠪᠤᠯᠤᠭᠰᠠᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠢᠮᠠᠳᠤᠭᠠᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠲᠡᠭᠡᠷ᠎ᠡ᠂ 2020 ᠤᠨ  ᠪᠤᠯᠬᠤ ᠳᠤ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠠᠤᠭ᠎ᠠ ᠬᠠᠷᠠᠯᠳᠠ ᠶᠢ ᠪᠡᠶᠡᠯᠡᠬᠦᠯᠬᠦ ᠵᠢᠴᠢ ᠠᠵᠤ ᠠᠬᠤᠢ ᠶᠢ ᠦᠷᠬᠦᠯᠵᠢᠯᠡᠨ ᠡᠷᠡᠬᠦᠯ ᠢᠶᠠᠷ ᠬᠦᠭᠵᠢᠬᠦᠯᠬᠦ᠂  ᠠᠷᠠᠳ ᠲᠦᠮᠡᠨ  ᠤ ᠠᠷᠠᠳᠴᠢᠯᠠᠯ ᠢ ᠲᠠᠰᠤᠷᠠᠯᠳᠠ ᠦᠬᠡᠢ ᠦᠷᠭᠡᠳᠭᠡᠬᠦ᠂ ᠰᠤᠶᠤᠯ ᠤᠨ ᠵᠦᠬᠡᠯᠡᠨ ᠪᠤᠳᠠᠳᠤ ᠬᠦᠴᠦᠨ ᠢ ᠮᠡᠳᠡᠭᠳᠡᠮ᠎ᠡ ᠴᠢᠩᠭᠠᠷᠠᠭᠤᠯᠬᠤ᠂ ᠠᠷᠠᠳ ᠤᠨ ᠠᠮᠢᠳᠤᠷᠠᠯ ᠤᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠬᠦ᠂  ᠡᠬᠢ ᠪᠠᠶᠠᠯᠢᠭ  ᠲᠤ ᠠᠷᠪᠢᠳᠠᠢ᠂ ᠤᠷᠴᠢᠨ ᠲᠤᠭᠤᠷᠢᠨ ᠨᠦᠬᠦᠷᠰᠡᠭ ᠨᠡᠶᠢᠬᠡᠮ ᠤᠨ ᠪᠠᠶᠢᠭᠤᠯᠤᠯᠳᠠ ᠶᠢ ᠴᠢᠬᠤᠯᠠ  ᠶᠡᠭᠡ ᠠᠬᠢᠯᠳᠠ  ᠲᠠᠢ ᠪᠤᠯᠭᠠᠬᠤ ᠵᠡᠷᠭᠡ ᠪᠤᠳᠠᠳᠠᠢ ᠠᠭᠤᠯᠭ᠎ᠠ ᠶᠢ ᠲᠤᠷᠠᠳᠤᠭᠰᠠᠨ ᠪᠠᠶᠢᠨ᠎ᠠ᠃        ᠦᠬᠡᠷᠡᠴᠢᠯᠡᠯᠳᠡ ᠶᠢ  ᠪᠦᠬᠦ ᠲᠠᠯ᠎ᠠ ᠪᠠᠷ ᠬᠦᠨᠵᠡᠭᠡᠶᠢᠷᠡᠬᠦᠯᠬᠦ — 2013 ᠤᠨ ᠳᠤ ᠪᠤᠯᠤᠭᠰᠠᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ  ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠲᠡᠭᠡᠷ᠎ᠡ  ᠂ ︽ᠪᠦᠬᠦ ᠲᠠᠯ᠎ᠠ ᠪᠠᠷ ᠦᠬᠡᠷᠡᠴᠢᠯᠡᠯᠳᠡ ᠶᠢ ᠬᠦᠨᠵᠡᠭᠡᠶᠢᠷᠡᠬᠦᠯᠬᠦ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠲᠤᠭᠳᠠᠭᠠᠯ︾ ᠢ  ᠪᠠᠳᠤᠯᠠᠵᠤ᠂  ᠪᠦᠬᠦ ᠲᠠᠯ᠎ᠠ ᠪᠠᠷ ᠦᠬᠡᠷᠡᠴᠢᠯᠡᠯᠳᠡ ᠶᠢ ᠬᠦᠨᠵᠡᠭᠡᠶᠢᠷᠡᠬᠦᠯᠬᠦ ᠶᠢᠨ ᠶᠡᠷᠦᠩᠬᠡᠢ ᠬᠠᠷᠠᠯᠳᠠ ᠪᠤᠯ  ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠲᠡᠬᠦᠯᠳᠡᠷᠵᠢᠬᠦᠯᠬᠦ ᠪᠠ ᠬᠦᠭᠵᠢᠬᠦᠯᠵᠦ᠂  ᠤᠯᠤᠰ ᠤᠨ ᠵᠠᠰᠠᠯᠳᠠ ᠶᠢᠨ ᠰᠢᠰᠲ᠋ᠧᠮᠵᠢ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠠᠪᠤᠳᠠᠯ  ︾ ᠬᠡᠵᠦ ᠲᠤᠷᠠᠳᠤᠭᠰᠠᠨ ᠪᠦᠬᠡᠳ  ᠠᠵᠤ ᠠᠬᠤᠢ ᠶᠢᠨ ᠪᠠᠶᠢᠭᠤᠯᠤᠯ ᠤᠨ ᠦᠬᠡᠷᠡᠴᠢᠯᠡᠯᠳᠡ᠂ ᠤᠯᠤᠰ ᠲᠦᠷᠦ ᠶᠢᠨ ᠪᠠᠶᠢᠭᠤᠯᠤᠯ ᠤᠨ ᠦᠬᠡᠷᠡᠴᠢᠯᠡᠯᠳᠡ᠂  ᠰᠤᠶᠤᠯ ᠤᠨ ᠪᠠᠶᠢᠭᠤᠯᠤᠯ ᠤᠨ ᠦᠬᠡᠷᠡᠴᠢᠯᠡᠯᠳᠡ᠂   ᠨᠡᠶᠢᠬᠡᠮ  ᠤᠨ ᠪᠠᠶᠢᠭᠤᠯᠤᠯ ᠤᠨ ᠦᠬᠡᠷᠡᠴᠢᠯᠡᠯᠳᠡ᠂  ᠠᠮᠢ ᠠᠬᠤᠢ ᠶᠢᠨ ᠪᠤᠯᠪᠠᠰᠤᠨ ᠤ ᠪᠠᠶᠢᠭᠤᠯᠤᠯ ᠤᠨ ᠦᠬᠡᠷᠡᠴᠢᠯᠡᠯᠳᠡ  ᠬᠢᠭᠡᠳ ᠨᠠᠮ ᠤᠨ ᠪᠠᠶᠢᠭᠤᠯᠤᠯᠳᠠ ᠤᠨ ᠲᠦᠷᠢᠮ ᠤᠨ  ᠦᠬᠡᠷᠡᠴᠢᠯᠡᠯᠳᠡ ᠳᠤ ᠪᠦᠬᠦ ᠲᠠᠯ᠎ᠠ ᠶᠢᠨ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃      ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ   — 2014 ᠤᠨ ᠤ 10 ᠰᠠᠷ᠎ᠠ ᠳᠤ  ᠪᠤᠯᠤᠭᠰᠠᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ  ᠲᠦᠪ ᠬᠤᠷᠢᠶᠠᠨ ᠤ  ᠲᠦᠷᠪᠡᠳᠦᠬᠡᠷ ᠪᠦᠬᠦᠳᠡ ᠬᠤᠷᠠᠯ ᠲᠡᠭᠡᠷ᠎ᠡ  ᠂ ︽ᠬᠠᠤᠯᠢ ᠪᠠᠷ  ᠤᠯᠤᠰ ᠢᠶᠠᠨ ᠵᠠᠰᠠᠬᠤ ᠶᠢ  ᠪᠦᠬᠦ ᠲᠠᠯ᠎ᠠ ᠪᠠᠷ ᠲᠦᠯᠬᠢᠨ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ  ᠤᠨ ᠲᠦᠪ ᠬᠤᠷᠢᠶᠠᠨ ᠤ ᠲᠤᠭᠳᠠᠭᠠᠯ︾ ᠢ  ᠪᠠᠳᠤᠯᠠᠵᠤ᠂  ᠬᠠᠤᠯᠢ ᠪᠠᠷ  ᠤᠯᠤᠰ ᠢᠶᠠᠨ ᠵᠠᠰᠠᠬᠤ ᠶᠢ  ᠪᠦᠬᠦ ᠲᠠᠯ᠎ᠠ  ᠪᠠᠷ ᠲᠦᠯᠬᠢᠨ ᠠᠬᠢᠭᠤᠯᠬᠤ ᠳᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃       ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ — 2014 ᠤᠨ ᠤ 10 ᠰᠠᠷ᠎ᠠ ᠳᠤ  ᠪᠤᠯᠤᠭᠰᠠᠨ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠬᠡ ᠶᠢᠨ ᠠᠵᠢᠯᠯᠠᠭᠠᠨ ᠤ ᠳ᠋ᠦᠩᠨᠡᠯᠳᠡ ᠶᠢᠨ ᠶᠡᠭᠡ ᠬᠤᠷᠠᠯ ᠲᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠠᠴᠠ ᠨᠠᠮ ᠢ ᠴᠢᠩᠭ᠎ᠠ ᠵᠠᠰᠠᠬᠤ ᠶᠢ  ᠪᠦᠬᠦ ᠲᠠᠯ᠎ᠠ ᠪᠠᠷ ᠲᠦᠯᠬᠢᠨ ᠠᠬᠢᠭᠤᠯᠬᠤ ᠱᠠᠭᠠᠷᠳᠠᠯᠭ᠎ᠠ ᠶᠢ ᠲᠠᠬᠢᠨᠳᠠ ᠲᠤᠷᠠᠳᠤᠭᠰᠠᠨ ᠤ ᠬᠠᠮᠳᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号