ᠰᠢᠶᠧ ᠶᠢᠨ ᠳ᠋ᠦᠩ᠂ ᠡᠷᠡᠭᠲᠡᠢ᠂ ᠬᠢᠲᠠᠳ ᠦᠨᠳᠦᠰᠦᠲᠡᠨ᠂ 1970 ᠣᠨ ᠤ 11 ᠰᠠᠷ᠎ᠠ ᠳᠤ ᠲᠦᠷᠦᠵᠠᠢ᠂ | 1992 ᠣᠨ ᠤ 8 ᠰᠠᠷ᠎ᠠ ᠳᠤ ᠠᠵᠢᠯ ᠳᠤ ᠭᠠᠷᠴᠤ᠂ 1997 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ | ᠬᠠᠮᠲᠤ ᠨᠠᠮ ᠳᠤ ᠣᠷᠣᠵᠠᠢ᠂ ᠵᠠᠬᠢᠳᠠᠯ ᠢᠶᠠᠷ ᠰᠤᠷᠭᠠᠬᠤ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ | ᠲᠥᠪ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ | ᠲᠡᠭᠦᠰᠴᠡᠢ᠂ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠹᠦᠰᠧ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠡᠭᠦᠷᠭᠡᠯᠡᠵᠦ ᠪᠠᠶᠢᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠰᠠᠭᠤᠭ᠎ᠠ | ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ | ᠶᠢᠨ ᠵᠥᠪᠯᠡᠯ ︵ᠠᠮᠤ ᠪᠤᠳᠠᠭᠠᠨ ᠤ ᠲᠣᠪᠴᠢᠶ᠎ᠠ᠂ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠪᠴᠢᠶ᠎ᠠ ︶ ᠤᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠯᠢ ᠶᠢᠨ ᠭᠤᠣᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠭᠤᠷᠪᠠᠳᠤᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ ᠡᠷᠬᠢᠯᠡᠭᠴᠢ᠂ ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠲᠠᠶᠢᠹᠦᠰᠧ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠭᠦᠷᠭᠡᠯᠡᠵᠦ ᠥᠩᠭᠡᠷᠡᠪᠡ ᠃ | ᠬᠤᠰᠢᠭᠤᠨ ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ ᠤᠨ ᠪᠦᠬᠦ ᠲᠠᠯ᠎ᠠ ᠶᠢᠨ | ᠠᠵᠢᠯ ᠢ ᠡᠷᠬᠢᠯᠡᠨ᠎ᠡ︔ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠴᠠᠭᠳᠠᠨ ᠪᠠᠶᠢᠴᠠᠭᠠᠬᠤ᠂ ᠨᠠᠮ ᠤᠨ | ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ | ᠬᠠᠷᠢᠭᠤᠴᠠᠨ᠎ᠠ︔ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠢ ᠬᠤᠪᠢᠳᠠᠨ | ᠬᠠᠮᠢᠶᠠᠷᠤᠨ᠎ᠠ ᠃ | |