ᠪᠡᠭᠡᠵᠢᠩ ᠤᠨ ᠡᠳᠦᠷ ᠤᠨ ᠰᠤᠨᠢᠨ ᠤ ᠬᠤᠷᠢᠶ᠎ᠠ ᠶᠢᠨ ᠬᠢᠨ ᠲᠠᠶᠢᠹᠤᠰᠧ ᠬᠤᠰᠢᠭᠤᠨ ᠳᠤ ᠬᠦᠨᠵᠡᠭᠡᠶᠢᠷᠡᠵᠦ ᠤᠬᠠᠭᠤᠯᠭ᠎ᠠ ᠮᠡᠳᠡᠭᠡᠯᠡᠯ ᠬᠢᠪᠡ
ᠨᠡᠶᠢᠲᠡᠯᠡᠭᠰᠡᠨ ᠴᠠᠭ᠄
2020/8/7
    ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂   ᠶᠠᠳᠠᠭᠤ ᠶᠢ ᠳᠡᠳᠬᠦᠬᠦ ᠦᠯᠢᠬᠡᠷ ᠢ ᠰᠠᠶᠢᠨ ᠶᠠᠷᠢᠵᠤ᠂   ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ ᠬᠠᠮᠳᠤᠷᠠᠯᠴᠠᠭᠠᠨ ᠤ ᠠᠵᠢᠯ ᠢ ᠤᠯᠠᠮ ᠬᠦᠨᠵᠡᠬᠡᠢ ᠠᠬᠢᠭᠤᠯᠬᠤ ᠶᠢᠨ ᠲᠤᠰᠠᠳᠠ᠂  8 ᠰᠠᠷ᠎ᠠ ᠶᠢᠨ 3  ᠤ ᠡᠳᠦᠷ   ᠠᠴᠠ 4 ᠤ ᠡᠳᠦᠷ  ᠪᠡᠭᠡᠵᠢᠩ ᠤᠨ ᠡᠳᠦᠷ ᠤᠨ ᠰᠤᠨᠢᠨ ᠤ  ᠬᠤᠷᠢᠶ᠎ᠠ ᠶᠢᠨ  5 ᠬᠦᠮᠦᠨ ᠲᠠᠶᠢᠹᠤᠰᠧ ᠬᠤᠰᠢᠭᠤᠨ ᠤ ᠬᠦᠨᠵᠡᠭᠡᠶᠢᠷᠡᠵᠦ᠂   ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ ᠬᠠᠮᠳᠤᠷᠠᠯᠴᠠᠭᠠᠨ ᠤ  ᠲᠤᠮᠳᠠ ᠴᠤᠯᠭᠤᠷᠠᠨ ᠭᠠᠷᠤᠭᠰᠠᠨ  ᠲᠡᠷᠢᠬᠦᠨ ᠤ ᠠᠷᠭ᠎ᠠ ᠲᠤᠷᠰᠢᠯᠭ᠎ᠠ᠂  ᠰᠡᠳᠬᠢᠯ ᠬᠦᠳᠡᠯᠬᠡᠮ᠎ᠡ ᠦᠯᠢᠬᠡᠷ ᠵᠢᠱᠢᠶ᠎ᠡ᠂ ᠪᠠᠶᠠᠵᠢᠯ ᠤᠨ
ᠴᠢᠳᠠᠪᠤᠷᠢᠳᠠᠨ᠂   ᠶᠠᠳᠠᠭᠤ ᠶᠢ ᠲᠡᠳᠬᠦᠬᠦ ᠺᠠᠳᠠᠷ ᠤᠨ ᠲᠤᠬᠠᠢ ᠰᠤᠷᠪᠤᠯᠵᠢᠯᠠᠭ᠎ᠠ ᠮᠡᠳᠡᠭᠡᠯᠡᠯ ᠬᠢᠭᠰᠡᠨ ᠪᠠᠶᠢᠨ᠎ᠠ᠃  
     ᠰᠤᠷᠪᠤᠯᠵᠢᠯᠠᠬᠤ ᠪᠦᠯᠬᠦᠮ ᠤᠨ ᠬᠢᠨ  ᠠᠵᠤ ᠦᠢᠯᠡᠰ ᠤᠨ ᠬᠠᠮᠳᠤᠷᠠᠯᠴᠠᠭ᠎ᠠ ᠪᠠ ᠭᠡᠷᠡᠭᠯᠡᠭᠡ ᠪᠠᠷ ᠶᠠᠳᠠᠭᠤ ᠶᠢ ᠳᠡᠳᠬᠦᠬᠦ ᠬᠤᠶᠠᠷ ᠲᠠᠯ᠎ᠠ ᠠᠴᠠ  ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ ᠬᠠᠮᠳᠤᠷᠠᠯᠴᠠᠭᠠᠨ ᠤ ᠲᠤᠷᠠᠶᠢᠮ᠎ᠠ ᠴᠡᠭ ᠢ ᠰᠤᠩᠭᠤᠨ  ᠂  ᠬᠤᠩ ᠵᠢᠩ ᠶᠤᠸᠠᠨ  ᠲᠤᠰᠤᠨ ᠤ ᠦᠢᠯᠡᠳᠪᠦᠷᠢ᠂   ᠡᠯᠧᠺᠲᠷᠤᠨ ᠬᠤᠳᠠᠯᠳᠤᠭᠠᠨ ᠤ ᠨᠡᠶᠢᠳᠡ  ᠶᠢᠨ ᠦᠢᠯᠡᠴᠢᠯᠡᠬᠡᠨ ᠤ ᠲᠦᠪ  ᠂  ᠨᠤᠮᠢᠨ ᠪᠦᠷᠢᠳᠦ ᠰᠢᠳᠢᠳᠦ ᠪᠤᠯᠠᠭ  ᠵᠢᠭᠤᠯᠴᠢᠯᠠᠯ ᠤᠨ ᠲᠤᠰᠬᠤᠨ ᠤ ᠲᠡᠵᠢᠬᠡᠨ
ᠦᠷᠡᠵᠢᠬᠦᠯᠬᠦ ᠰᠠᠭᠤᠷᠢᠨ ᠭᠠᠵᠠᠷ ᠲᠤ ᠬᠦᠷᠴᠦ   ᠰᠤᠷᠪᠤᠯᠵᠢᠯᠠᠭ᠎ᠠ ᠬᠢᠵᠡᠢ᠃
    ᠤᠶᠢᠯᠠᠭᠠᠭᠰᠠᠨ ᠢᠶᠠᠷ᠂  ᠡᠨᠡ ᠤᠳᠠᠭᠠᠨ ᠤ  ᠰᠤᠷᠪᠤᠯᠵᠢᠯᠠᠭ᠎ᠠ ᠪᠤᠯ  ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ ᠬᠠᠮᠳᠤᠷᠠᠯᠴᠠᠭᠠᠨ ᠤ  ᠠᠵᠢᠯ ᠡᠬᠢᠯᠡᠭᠰᠡᠨ ᠠᠴᠠ  ᠨᠠᠰᠢ  ᠨᠡᠶᠢᠰᠯᠡᠯ ᠤᠨ ᠭᠤᠤᠯ ᠪᠤᠯᠬᠤ ᠵᠠᠭᠤᠴᠢᠯᠠᠭᠤᠷ   ᠠᠴᠠ ᠲᠠᠶᠢᠹᠤᠰᠧ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠨᠢᠬᠡᠳᠦᠭᠡᠷ ᠹᠠᠷᠤᠨᠲ ᠳᠤ  ᠬᠦᠨᠵᠡᠭᠡᠶᠢᠷᠡᠵᠦ ᠬᠢᠭᠰᠡᠨ ᠠᠩᠬ᠎ᠠ ᠤᠳᠠᠭᠠᠨ ᠤ ᠰᠤᠷᠪᠤᠯᠵᠢᠯᠠᠭ᠎ᠠ ᠪᠠᠶᠢᠵᠤ᠂   ᠰᠤᠷᠪᠤᠯᠵᠢᠯᠠᠭᠰᠠᠨ ᠠᠭᠤᠯᠭ᠎ᠠ ᠶᠢ ︽
ᠪᠡᠭᠡᠵᠢᠩ ᠤᠨ ᠡᠳᠦᠷ ᠤᠨ ᠰᠤᠨᠢᠨ︾᠂ ︽ ᠪᠡᠭᠡᠵᠢᠩ ᠤᠨ ᠦᠳᠡᠰᠢ ᠶᠢᠨ ᠰᠤᠨᠢᠨ︾  ᠲᠡᠭᠡᠷ᠎ᠡ ᠨᠡᠶᠢᠳᠡᠯᠡᠬᠦ ᠪᠤᠯᠤᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号