ᠶᠠᠩ  ᠸᠧᠨ ᠱᠧᠩ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020/8/8
    8 ᠰᠠᠷ᠎ᠠ ᠶᠢᠨ 5 ᠤ ᠡᠳᠦᠷ᠂  ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂  ᠠᠶᠢᠮᠠᠭ ᠤᠨ ᠲᠡᠳ᠋ ᠲᠠᠷᠤᠭ᠎ᠠ ᠶᠠᠩ ᠸᠧᠨ ᠱᠧᠩ ᠲᠠᠶᠢᠹᠤᠰᠧ ᠬᠤᠰᠢᠭᠤᠨ ᠳᠤ ᠬᠦᠨᠵᠡᠭᠡᠶᠢᠷᠡᠵᠦ᠂ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ
ᠬᠠᠮᠳᠤᠷᠠᠯᠴᠠᠭᠠᠨ ᠤ ᠲᠦᠷᠦᠯ ᠵᠦᠢᠯ ᠤᠨ ᠲᠤᠬᠠᠢ ᠪᠠᠶᠢᠴᠠᠭᠠᠨ ᠰᠤᠳᠤᠯᠤᠯᠳᠠ  ᠬᠢᠭᠰᠡᠨ ᠪᠠᠶᠢᠨ᠎ᠠ᠃
     ᠶᠠᠩ ᠸᠧᠨ ᠱᠧᠩ ᠤᠷᠢᠳᠠᠪᠠᠷ ᠴᠢᠶᠠᠨ ᠶᠢᠨ ᠭᠸᠦ ᠪᠠᠯᠭᠠᠰᠤᠨ ᠤ  ᠰᠠᠨ ᠵᠢᠶᠧ ᠲᠤᠰᠬᠤᠨ ᠤ ᠶᠠᠫᠤᠨ ᠮᠠᠶ᠋ᠢᠭ ᠤᠨ ᠴᠢᠷᠦᠬᠦᠯ ᠱᠠᠬᠠᠢ ᠶᠢᠨ ᠦᠢᠯᠡᠳᠪᠦᠷᠢ   ᠳᠤ ᠬᠦᠷᠴᠦ᠂ ᠶᠠᠳᠠᠭᠤ ᠶᠢ ᠲᠡᠳᠬᠦᠬᠦ  ᠲᠦᠷᠦᠯ ᠵᠦᠢᠯ ᠤᠨ ᠪᠠᠶᠢᠭᠤᠯᠤᠯᠳᠠ ᠪᠠ ᠦᠢᠯᠡᠳᠪᠦᠷᠢᠯᠡᠯ ᠡᠵᠡᠩᠨᠡᠯᠳᠡ᠂ ᠠᠰᠢᠭ ᠤᠷᠤᠯᠭ᠎ᠠ ᠶᠢᠨ ᠪᠠᠶᠢᠳᠠᠯ ᠢ ᠪᠠᠶᠢᠴᠠᠭᠠᠨ ᠤᠶᠢᠯᠠᠭᠠᠭᠰᠠᠨ   ᠤ ᠲᠠᠷᠠᠭ᠎ᠠ  ᠂   ᠠᠵᠤ ᠠᠬᠤᠶᠢᠯᠠᠯ ᠢ ᠲᠤᠰᠬᠠᠢ ᠬᠦᠮᠦᠨ ᠲᠤᠮᠢᠯᠠᠨ  ᠭᠠᠯ ᠰᠡᠷᠭᠡᠶᠢᠯᠡᠬᠦ ᠵᠡᠷᠭᠡ ᠠᠶᠤᠯᠬᠦᠢ ᠦᠢᠯᠡᠳᠪᠦᠷᠢᠯᠡᠯ ᠤᠨ ᠠᠵᠢᠯ ᠢ ᠰᠠᠶᠢᠨ ᠬᠢᠵᠦ᠂   ᠡᠳ᠋ ᠬᠦᠷᠦᠩᠬᠡ ᠶᠢᠨ ᠬᠤᠬᠢᠷᠠᠯ ᠭᠠᠷᠬᠤ ᠠᠴᠠ ᠴᠢᠩᠭ᠎ᠠ  ᠰᠡᠷᠭᠡᠶᠢᠯᠡᠬᠦ ᠶᠢᠨ ᠬᠠᠮᠳᠤ᠂ ᠦᠢᠯᠡᠳᠪᠦᠷᠢ ᠶᠢᠨ ᠲᠠᠭᠠᠯᠳᠠ ᠲᠦᠬᠦᠭᠡᠷᠦᠮᠵᠢ ᠶᠢ ᠲᠦᠷᠭᠡᠨ ᠪᠦᠷᠢᠨᠰᠢᠬᠦᠯᠵᠦ᠂ ᠲᠦᠷᠢᠶᠡᠰᠦᠯᠡᠬᠦ ᠠᠵᠤ ᠠᠬᠤᠶᠢᠯᠠᠯ ᠤᠨ ᠱᠠᠭᠠᠷᠳᠠᠯᠭ᠎ᠠ ᠳᠤ ᠬᠦᠷᠦᠭᠰᠡᠨ ᠤ ᠲᠠᠷᠠᠭ᠎ᠠ  ᠰᠢᠯᠵᠢᠬᠦᠯᠦᠨ ᠲᠤᠰᠢᠶᠠᠬᠤ ᠠᠵᠢᠯ ᠢ ᠴᠠᠭ ᠲᠤᠬᠠᠢ ᠳᠤᠨᠢ ᠬᠢᠵᠦ᠂   ᠲᠦᠷᠢᠶᠡᠰᠦᠨ ᠮᠦᠩᠬᠦᠨ ᠤ ᠠᠰᠢᠭ ᠤᠷᠤᠯᠭ᠎ᠠ ᠶᠢ ᠬᠦᠷᠳᠡᠨ᠂  ᠶᠠᠳᠠᠭᠤ ᠶᠢ ᠳᠡᠳᠬᠦᠬᠦ ᠦᠢᠯᠡᠳᠦᠯ ᠢ ᠪᠠᠳᠠᠷᠠᠭᠤᠯᠬᠤ ᠭᠡᠷᠡᠭᠳᠡᠢ ᠬᠡᠵᠦ ᠵᠢᠭᠠᠨ ᠭᠠᠷᠭᠠᠵᠠᠢ᠃  ᠲᠠᠷᠠᠭ᠎ᠠ ᠨᠢ᠂  ᠶᠠᠩ ᠸᠧᠨ ᠱᠧᠩ  ᠫᠢᠩ ᠴᠤᠸᠠᠨ ᠲᠤᠰᠬᠤᠨ ᠤ  ᠵᠠᠮ ᠵᠠᠰᠠᠬᠤ ᠲᠦᠷᠦᠯ ᠵᠦᠢᠯ ᠤᠨ ᠠᠬᠤᠢ ᠲᠠᠯᠠᠪᠠᠢ  ᠳᠤ ᠬᠦᠷᠴᠦ᠂   ᠭᠠᠵᠠᠷ ᠰᠢᠷᠤᠢ ᠶᠢᠨ ᠬᠦᠢᠴᠡᠳᠭᠡᠯ ᠬᠢᠭᠰᠡᠨ᠂ ᠮᠠᠲ᠋ᠧᠷᠢᠶᠠᠯ  ᠤᠷᠤᠭᠤᠯᠤᠭᠰᠠᠨ  ᠪᠠᠶᠢᠳᠠᠯ  ᠵᠢᠴᠢ  ᠠᠵᠢᠯ  ᠤᠨ ᠠᠬᠢᠴᠠ  ᠪᠠ ᠤᠷᠤᠰᠢᠵᠤ ᠪᠠᠶᠢᠭ᠎ᠠ ᠠᠰᠠᠭᠤᠳᠠᠯ ᠶᠢ ᠨᠠᠷᠢᠨ  ᠤᠶᠢᠯᠠᠭᠠᠭᠰᠠᠨ ᠤ ᠬᠠᠮᠳᠤ᠂   ᠶᠠᠰᠤ ᠴᠢᠨᠠᠷ  ᠪᠠ ᠦᠷ᠎ᠡ ᠪᠦᠳᠦᠮᠵᠢ ᠶᠢ ᠵᠠᠪᠠᠯ ᠪᠠᠳᠤᠯᠠᠵᠤ᠂   ᠨᠠᠮᠤᠷ ᠤᠨ ᠬᠤᠷᠢᠶᠠᠯᠳᠠ ᠠᠴᠠ ᠡᠮᠦᠨ᠎ᠡ  ᠲᠡᠷᠭᠡ ᠨᠡᠪᠳᠡᠷᠡᠬᠦᠯᠦᠨ᠂ ᠲᠠᠷᠢᠶᠠᠴᠢᠳ   ᠤᠨ  ᠦᠢᠯᠡᠳᠪᠦᠷᠢᠯᠡᠯ ᠠᠮᠢᠳᠤᠷᠠᠯ ᠳᠤ ᠲᠦᠬᠦᠮ ᠦᠵᠡᠬᠦᠯᠬᠦ ᠭᠡᠷᠡᠭᠳᠡᠢ ᠬᠡᠵᠦ ᠱᠠᠭᠠᠷᠳᠠᠪᠠ᠃  ᠬᠠᠮᠤᠭ ᠰᠡᠬᠦᠯ ᠳᠤᠨᠢ᠂   ᠶᠠᠩ ᠸᠧᠨ ᠱᠧᠩ ᠵᠡᠷᠭᠡ ᠬᠦᠮᠦᠰ ᠬᠦᠨᠪᠤᠯᠠᠭ ᠰᠤᠮᠤᠨ ᠳᠤ ᠬᠦᠷᠴᠦ᠂   ᠮᠢᠬᠠᠨ ᠤ ᠦᠬᠡᠷ ᠪᠤᠷᠳᠤ ᠲᠠᠷᠭᠤᠯᠠᠭᠤᠯᠬᠤ
ᠲᠦᠷᠦᠯ ᠵᠦᠢᠯ ᠤᠨ ᠪᠠᠶᠢᠭᠤᠯᠤᠯᠳᠠ ᠶᠢ  ᠤᠶᠢᠯᠠᠭᠠᠭᠰᠠᠨ  ᠪᠠᠶᠢᠨ᠎ᠠ᠃
   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂  ᠲᠡᠳ᠋ ᠬᠤᠰᠢᠭᠤ ᠲᠠᠷᠤᠭ᠎ᠠ  ᠭᠤᠤ ᠯᠢᠶᠠᠩ  
ᠪᠠᠶᠢᠴᠠᠭᠠᠨ ᠰᠤᠳᠤᠯᠤᠯᠳᠠ ᠳᠤ  ᠪᠠᠷ᠎ᠠ ᠪᠤᠯᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号