ᠪᠦᠬᠦ ᠬᠤᠰᠢᠭᠤᠨ ᠤ ᠦᠷᠭᠡᠨ ᠤᠯᠠᠨ ᠨᠠᠮ ᠤᠨ ᠬᠡᠰᠢᠬᠦᠳ ᠲᠤ ᠦᠭᠬᠦ ᠤᠷᠢᠶᠠᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2020/9/11
ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠬᠡᠳ ᠪᠦᠬᠦ ᠤᠷᠤᠨ ᠤ ᠦᠨᠳᠦᠰᠦᠳᠡᠨ ᠤ ᠬᠡᠯᠡ   ᠪᠠᠷ ᠬᠢᠴᠢᠶᠡᠯᠯᠡᠬᠦ  ᠪᠠᠭ᠎ᠠ ᠰᠤᠷᠭᠠᠭᠤᠯᠢ ᠶᠢᠨ ᠨᠢᠬᠡᠳᠦᠬᠡᠷ ᠤᠨ ᠪᠠ ᠠᠩᠬ᠎ᠠ ᠲᠤᠮᠳᠠᠳᠤ  ᠶᠢᠨ ᠨᠢᠬᠡᠳᠦᠭᠡᠷ ᠤᠨ ᠳᠤ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ︽ᠬᠡᠯᠡ  ᠪᠢᠴᠢᠭ︾ ᠤᠨ ᠵᠢᠭᠠᠬᠤ ᠮᠠᠲ᠋ᠧᠷᠢᠶᠠᠯ ᠢ ᠭᠡᠷᠡᠭᠯᠡᠬᠦ ᠶᠢᠨ ᠬᠠᠮᠳᠤ  ᠂  ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠪᠠᠷ ᠪᠤᠯᠵᠠᠢ᠃  ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ   ᠤᠨ ᠬᠡᠷᠡᠭᠯᠡᠯᠳᠡ  ᠶᠢ ᠠᠬᠢᠭᠤᠯᠬᠤ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠬᠢᠭᠰᠡᠨ ᠦᠨᠳᠦᠰᠦᠳᠡᠨ ᠤ ᠤᠷᠤᠨ ᠤ  ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ  ᠦᠰᠦᠭ ᠪᠢᠴᠢᠭ   ᠤᠨ ᠰᠤᠷᠭᠠᠨ ᠬᠦᠮᠦᠵᠢᠯ ᠢ ᠴᠢᠩᠭᠠᠳᠬᠠᠬᠤ ᠲᠤᠬᠠᠢ ᠴᠢᠬᠤᠯᠠ  ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠠᠶᠢᠵᠤ᠂  ᠦᠨᠳᠦᠰᠦᠳᠡᠨ ᠤ ᠰᠤᠷᠭᠠᠭᠤᠯᠢ ᠶᠢᠨ  ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠤᠨ ᠭᠡᠷᠡᠭᠯᠡᠯᠳᠡ ᠶᠢᠨ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠵᠦ᠂  ᠦᠨᠳᠦᠰᠦᠳᠡᠨ ᠤ ᠰᠤᠷᠭᠠᠨ ᠬᠦᠮᠦᠵᠢᠯ  ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠦᠷᠢᠮ ᠤᠨ ᠪᠠᠶᠢᠷᠢᠯᠠᠭᠤᠯᠤᠯᠳᠠ ᠪᠦᠬᠡᠳ ᠦᠨᠳᠦᠰᠦᠳᠡᠨ ᠤ ᠤᠷᠤᠨ ᠤ  ᠤᠯᠠᠨ ᠲᠦᠮᠡᠨ ᠪᠠ ᠰᠤᠷᠤᠭᠴᠢᠳ ᠤᠨ ᠠᠬᠤᠶᠢᠴᠢ ᠭᠡᠷᠡᠭᠴᠡᠭᠡ ᠪᠤᠯᠤᠨ᠎ᠠ᠃  ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ︽ᠬᠡᠯᠡ  ᠪᠢᠴᠢᠭ︾ ᠤᠨ ᠵᠢᠭᠠᠬᠤ ᠮᠠᠲ᠋ᠧᠷᠢᠶᠠᠯ ᠢ ᠭᠡᠷᠡᠭᠯᠡᠬᠦ ᠨᠢ ᠦᠨᠳᠦᠰᠦᠳᠡᠨ ᠤ ᠬᠡᠯᠡ   ᠪᠠᠷ ᠬᠢᠴᠢᠶᠡᠯᠯᠡᠬᠦ  ᠰᠤᠷᠤᠭᠴᠢᠳ ᠤᠨ ᠪᠤᠰᠤᠳ ᠡᠯ᠎ᠡ ᠦᠨᠳᠦᠰᠦᠳᠡᠨ ᠲᠠᠢ ᠬᠠᠷᠢᠯᠴᠠᠵᠤ ᠨᠡᠪᠳᠡᠷᠡᠯᠴᠡᠬᠦ ᠳᠤ ᠲᠤᠰᠠᠳᠠᠢ᠂ ᠠᠵᠢᠯ ᠤᠯᠬᠤ ᠵᠠᠮ ᠰᠤᠪᠠᠭ ᠢ ᠦᠷᠭᠡᠳᠭᠡᠬᠦ ᠳᠤ ᠲᠤᠰᠠᠳᠠᠢ᠂ ᠰᠤᠷᠤᠭᠴᠢᠳ ᠤᠨ ᠬᠤᠶᠢᠰᠢᠳᠠ ᠶᠢᠨ ᠬᠦᠭᠵᠢᠯᠳᠡ  ᠳᠤ ᠲᠤᠰᠠᠳᠠᠢ ᠶᠠᠪᠤᠳᠠᠯ ᠶᠤᠮ᠃  ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ  ᠭᠡᠷᠡᠭᠯᠡᠬᠦ ᠠᠵᠢᠯ ᠢ ᠤᠯᠠᠮ ᠴᠢᠨᠠᠭᠰᠢᠳᠠ ᠲᠦᠯᠬᠢᠨ ᠠᠬᠢᠭᠤᠯᠬᠤ ᠶᠢᠨ ᠲᠤᠰᠠᠳᠠ᠂  ᠪᠦᠬᠦ ᠬᠤᠰᠢᠭᠤᠨ ᠤ ᠦᠷᠭᠡᠨ ᠤᠯᠠᠨ ᠨᠠᠮ  ᠤᠨ ᠭᠡᠰᠢᠬᠦᠳ   ᠢ ᠲᠤᠤᠷᠠᠬᠢ ᠮᠡᠳᠦ ᠤᠷᠢᠶᠠᠯᠠᠵᠤ ᠪᠠᠶᠢᠨ᠎ᠠ᠄      ᠨᠢᠬᠡ ᠳᠤ᠂ ᠤᠯᠤᠰ ᠲᠦᠷᠦ ᠶᠢᠨ ᠡᠬᠦᠷᠭᠡᠯᠡᠯ ᠢ ᠴᠢᠩᠭᠠᠳᠬᠠᠨ᠎ᠠ᠃   ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ   ᠢ ᠭᠡᠷᠡᠭᠯᠡᠬᠦ ᠪᠤᠯ ᠨᠠᠮ ᠵᠠᠰᠠᠭ ᠠᠴᠠ ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ   ᠳᠤ ᠦᠵᠡᠬᠦᠯᠦᠭᠰᠡᠨ ᠬᠠᠯᠠᠮᠵᠢᠯᠠᠯ ᠪᠠᠶᠢᠵᠤ᠂   ᠦᠨᠳᠦᠰᠦᠳᠡᠨ ᠤ ᠪᠦᠯᠬᠦᠮᠳᠡᠯ ᠪᠠ ᠦᠨᠳᠦᠰᠦᠳᠡᠨ  ᠤ ᠤᠷᠤᠨ ᠤ ᠬᠦᠭᠵᠢᠯᠳᠡ  ᠲᠠᠪᠰᠢᠯᠳᠠ ᠶᠢ ᠠᠬᠢᠭᠤᠯᠬᠤ ᠳᠤ ᠲᠤᠰᠠᠳᠠᠢ᠂  ᠪᠦᠬᠦ ᠤᠯᠤᠰ ᠤᠨ ᠡᠯ᠎ᠡ ᠦᠨᠳᠦᠰᠦᠳᠡᠨ  ᠤ ᠠᠷᠠᠳ ᠲᠦᠮᠡᠨ ᠤ ᠬᠠᠷᠢᠯᠴᠠᠭ᠎ᠠ᠂ ᠨᠡᠪᠳᠡᠷᠡᠯᠴᠡᠭᠡ᠂  ᠠᠭᠤᠰᠤᠯᠴᠠᠭ᠎ᠠ  ᠪᠤᠯᠤᠨ ᠲᠤᠮᠳᠠᠳᠤ ᠶᠢᠨ ᠦᠨᠳᠦᠰᠦᠳᠡᠨ   ᠤ ᠠᠭᠤᠤ ᠶᠡᠭᠡ ᠰᠡᠷᠬᠦᠨ ᠮᠠᠨᠳᠤᠯᠳᠠ ᠳᠤ ᠴᠢᠬᠤᠯᠠ  ᠶᠡᠭᠡ ᠠᠴᠢ ᠬᠤᠯᠪᠤᠭᠳᠠᠯ ᠲᠠᠢ ᠶᠤᠮ᠃ ᠪᠦᠬᠦ ᠬᠤᠰᠢᠭᠤᠨ ᠤ ᠦᠷᠭᠡᠨ ᠤᠯᠠᠨ ᠨᠡᠮ ᠤᠨ ᠭᠡᠰᠢᠬᠦᠳ ᠡᠷᠭᠡᠪᠰᠢ ᠤᠯᠤᠰ ᠲᠦᠷᠦ ᠶᠢᠨ ᠵᠤᠭᠰᠤᠴᠠ ᠪᠠᠨ ᠦᠨᠳᠦᠷᠵᠢᠬᠦᠯᠵᠦ᠂  ᠬᠠᠷᠢᠭᠤᠴᠠᠯᠭ᠎ᠠ ᠡᠬᠦᠷᠭᠡᠯᠡᠬᠦ   ᠪᠠᠨ ᠴᠢᠩᠭᠠᠳᠬᠠᠨ᠂  ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠳᠠ ᠶᠢ ᠡᠷᠡᠰ ᠬᠦᠷᠢᠶᠡᠯᠡᠵᠦ᠂  ᠤᠯᠤᠰ ᠲᠦᠷᠦ ᠶᠢᠨ ᠵᠤᠭᠰᠤᠯᠳᠠ ᠪᠠᠨ ᠪᠠᠳᠤᠳᠬᠠᠨ᠂ ᠤᠯᠤᠰ ᠲᠦᠷᠦ ᠶᠢᠨ ᠤᠪᠤᠷ ᠢᠶᠠᠨ ᠲᠤᠳᠤᠷᠬᠠᠶᠢᠯᠠᠵᠤ᠂ ᠤᠯᠤᠰ ᠲᠦᠷᠦ ᠶᠢᠨ ᠡᠬᠦᠷᠭᠡᠯᠡᠯ ᠢ ᠪᠡᠶᠡᠯᠡᠬᠦᠯᠦᠨ᠂  ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ  ᠭᠡᠷᠡᠭᠯᠡᠬᠦ ᠠᠵᠢᠯ ᠢ ᠲᠡᠷᠢᠬᠦᠯᠡᠨ ᠨᠠᠶᠢᠳᠠᠪᠤᠷᠢᠵᠢᠭᠤᠯᠵᠤ᠂  ᠨᠠᠮ ᠵᠠᠰᠠᠭ ᠲᠠᠢ ᠡᠰᠡᠷᠬᠦᠴᠡᠯᠳᠦᠭᠰᠡᠨ ᠦᠵᠡᠯᠳᠡ ᠤᠨᠤᠯ᠂  ᠲᠦᠷᠦ ᠶᠢᠨ ᠪᠤᠳᠤᠯᠭ᠎ᠠ ᠳᠤ ᠠᠰᠢᠭ ᠦᠬᠡᠢ  ᠂ ᠦᠨᠳᠦᠰᠦᠳᠡᠨ ᠤ ᠪᠦᠯᠬᠦᠮᠳᠡᠯ ᠢ ᠨᠦᠯᠦᠭᠡᠯᠡᠭᠰᠡᠨ ᠲᠠᠭᠤᠨ ᠬᠤᠭᠤᠯᠠᠢ ᠶᠢ ᠭᠠᠷᠭᠠᠬᠤ ᠦᠬᠡᠢ ᠪᠠᠶᠢᠵᠤ᠂  ᠵᠢᠱᠢᠶ᠎ᠡ ᠲᠠᠭᠤᠷᠢᠶᠠᠯ ᠤᠨ ᠦᠢᠯᠡᠳᠦᠯ   ᠢᠶᠠᠨ ᠪᠠᠳᠠᠷᠠᠭᠤᠯᠤᠨ᠂  ᠪᠦᠬᠦ ᠬᠤᠰᠢᠭᠤᠨ ᠤ ᠬᠦᠭᠵᠢᠯᠳᠡ ᠪᠠ ᠲᠤᠭᠳᠠᠭᠤᠨ  ᠂ ᠦᠨᠳᠦᠰᠦᠳᠡᠨ ᠤ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠦᠬᠦ ᠬᠦᠴᠦᠨ ᠢᠶᠠᠷ ᠬᠠᠮᠠᠭᠠᠯᠠᠬᠤ ᠭᠡᠷᠡᠭᠳᠡᠢ᠃     ᠬᠤᠶᠠᠷ ᠲᠤ᠂ ᠤᠬᠠᠭᠤᠯᠭ᠎ᠠ ᠰᠤᠷᠳᠠᠯᠴᠢᠯᠠᠭ᠎ᠠ ᠶᠢ ᠰᠠᠶᠢᠳᠤᠷ ᠠᠳᠬᠤᠨ᠎ᠠ᠃  ᠪᠦᠬᠦ ᠬᠤᠰᠢᠭᠤᠨ ᠤ ᠦᠷᠭᠡᠨ ᠤᠯᠠᠨ ᠨᠡᠮ ᠤᠨ ᠭᠡᠰᠢᠬᠦᠳ  ᠨᠠᠮ ᠤᠨ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ  ᠤ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠵᠤ᠂  ᠤᠯᠠᠨ ᠲᠦᠮᠡᠨ ᠢ ᠵᠦᠪ ᠲᠠᠯ᠎ᠠ ᠠᠴᠠ ᠵᠢᠯᠤᠭᠤᠳᠤᠨ᠂  ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ  ᠦᠰᠦᠭ ᠪᠢᠴᠢᠭ   ᠢ ᠲᠦᠭᠡᠮᠡᠯᠵᠢᠬᠦᠯᠬᠦ ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠡᠢ᠃  ᠤᠬᠠᠭᠤᠯᠭ᠎ᠠ ᠲᠠᠶᠢᠯᠤᠮᠵᠢ ᠪᠠ ᠦᠵᠡᠯ ᠰᠠᠨᠠᠭᠠᠨ ᠤ ᠵᠢᠯᠤᠭᠤᠳᠤᠯᠭ᠎ᠠ ᠶᠢᠨ ᠠᠵᠢᠯ ᠢ ᠦᠨᠡᠨᠬᠦ ᠰᠠᠶᠢᠨ ᠬᠢᠵᠦ᠂ ᠪᠡᠶ᠎ᠡ ᠪᠠᠷ ᠢᠶᠠᠨ ᠲᠠᠭᠤᠷᠢᠶᠠᠯ ᠪᠤᠯᠤᠨ᠂ ᠰᠡᠵᠢᠭ ᠠᠵᠢᠭ ᠢ ᠠᠯᠳᠠᠷᠠᠭᠠᠵᠤ᠂   ᠲᠡᠷᠭᠡᠳᠡᠬᠢ  ᠬᠦᠮᠦᠰ ᠪᠠ ᠰᠠᠳᠤᠨ ᠲᠦᠷᠦᠯ ᠨᠠᠶᠢᠵᠠ ᠨᠦᠬᠦᠳ ᠲᠡᠭᠡᠨ  ᠲᠦᠷᠦ ᠶᠢᠨ ᠪᠤᠳᠤᠯᠭ᠎ᠠ ᠶᠢ ᠢᠳᠡᠪᠬᠢᠳᠡᠢ ᠤᠬᠠᠭᠤᠯᠤᠨ᠂ ᠦᠵᠡᠯ ᠰᠠᠨᠠᠭᠠᠨ ᠤ ᠠᠵᠢᠯ ᠬᠢᠵᠦ᠂  ᠪᠠᠭᠰᠢ ᠰᠤᠷᠤᠭᠴᠢᠳ ᠪᠠ ᠭᠡᠷ ᠤᠨ ᠠᠬᠠᠮᠠᠳ ᠤᠨ ᠡᠷᠡᠬᠡᠯᠵᠡᠭᠡ ᠶᠢ ᠲᠠᠶᠢᠯᠤᠨ᠂  ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠡᠷᠡᠭᠯᠡᠬᠦ ᠳᠤ ᠶᠠᠷᠢᠶ᠎ᠠ ᠬᠡᠯᠡᠯᠴᠡᠭᠡᠨ ᠤ ᠲᠡᠮᠵᠢᠯᠬᠡ ᠦᠵᠡᠬᠦᠯᠵᠦ᠂  ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ   ᠤᠨ ᠰᠤᠷᠭᠠᠨ ᠬᠦᠮᠦᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠭᠡᠷᠡᠭᠳᠡᠢ᠃     ᠭᠤᠷᠪᠠ ᠳᠤ᠂  ᠦᠵᠡᠯ ᠤᠬᠠᠮᠰᠠᠷ ᠢᠶᠠᠨ ᠴᠢᠩᠭᠠᠳᠬᠠᠨ᠎ᠠ᠃ ᠪᠦᠬᠦ ᠬᠤᠰᠢᠭᠤᠨ ᠤ ᠦᠷᠭᠡᠨ ᠤᠯᠠᠨ ᠨᠡᠮ ᠤᠨ ᠭᠡᠰᠢᠬᠦᠳ  ᠢᠳᠡᠪᠬᠢᠳᠡᠢ ᠬᠦᠳᠡᠯᠦᠯᠴᠡᠨ᠂ ᠪᠡᠶ᠎ᠡ ᠠᠴᠠ ᠪᠠᠨ ᠡᠬᠢᠯᠡᠨ ᠬᠢᠵᠦ᠂  ᠪᠦᠯᠬᠦᠮᠳᠡᠯ ᠪᠠ ᠲᠤᠭᠳᠠᠭᠤᠨ ᠢ ᠬᠠᠮᠠᠭᠠᠯᠠᠬᠤ ᠶᠢ ᠨᠢᠬᠡ ᠵᠦᠢᠯ ᠤᠨ ᠤᠬᠠᠮᠰᠠᠷ ᠪᠠ ᠬᠠᠷᠢᠭᠤᠴᠠᠯᠭ᠎ᠠ ᠪᠤᠯᠭᠠᠨ᠂  ᠬᠦᠮᠦᠨ ᠪᠦᠬᠦᠨ ᠬᠠᠷᠢᠭᠤᠴᠠᠯᠭ᠎ᠠ ᠡᠬᠦᠷᠭᠡᠯᠡᠬᠦ ᠰᠢᠯᠢᠳᠡᠭ ᠰᠠᠶᠢᠨ ᠠᠭᠤᠷ ᠠᠮᠢᠰᠬᠤᠯ ᠢ ᠪᠤᠢ ᠪᠤᠯᠭᠠᠵᠤ᠂  ᠦᠨᠳᠦᠰᠦᠳᠡᠨ ᠤ ᠪᠦᠯᠬᠦᠮᠳᠡᠯ ᠢ ᠬᠠᠮᠠᠭᠠᠯᠠᠬᠤ ᠂ ᠨᠡᠶᠢᠬᠡᠮ ᠤᠨ ᠲᠤᠭᠳᠠᠭᠤᠨ ᠢ ᠬᠠᠮᠠᠭᠠᠯᠠᠬᠤ ᠪᠤᠯᠤᠳ ᠭᠡᠷᠡᠮ ᠢ ᠴᠤᠭᠴᠠᠯᠠᠬᠤ ᠭᠡᠷᠡᠭᠳᠡᠢ᠃ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠪᠠᠷ ᠵᠢᠯᠤᠭᠤᠳᠤᠮᠵᠢ ᠪᠤᠯᠭᠠᠨ᠂  ᠢᠳᠡᠪᠬᠢᠳᠡᠢ ᠪᠠᠷ ᠵᠢᠱᠢᠶ᠎ᠡ ᠲᠠᠭᠤᠷᠢᠶᠠᠯ ᠪᠤᠯᠵᠤ᠂  ᠪᠦᠯᠬᠦᠮᠳᠡᠯ ᠲᠤᠭᠳᠠᠭᠤᠨ ᠤ ᠤᠬᠠᠬᠳᠠᠬᠤᠨ ᠢ ᠨᠡᠩ ᠤᠯᠠᠨ ᠬᠦᠮᠦᠨ ᠳᠤ ᠲᠠᠨᠢᠭᠤᠯᠬᠤ ᠭᠡᠷᠡᠭᠳᠡᠢ᠃  ᠦᠨᠳᠦᠰᠦᠳᠡᠨ   ᠨᠦᠭᠦᠳ ᠤᠨ ᠬᠠᠮᠳᠤ ᠪᠠᠷ ᠡᠳ᠋ᠯᠡᠬᠦ ᠲᠤᠮᠳᠠᠳᠤ ᠶᠢᠨ ᠰᠤᠶᠤᠯ ᠤᠨ ᠲᠡᠮᠳᠡᠭ ᠪᠠ ᠲᠤᠮᠳᠠᠳᠤ ᠶᠢᠨ ᠦᠨᠳᠦᠰᠦᠳᠡᠨ ᠤ ᠲᠦᠷᠬᠦ ᠶᠢ ᠪᠤᠢ ᠪᠤᠯᠭᠠᠬᠤ ᠪᠠ ᠲᠤᠪᠤᠶᠢᠯᠭᠠᠵᠤ᠂  ᠲᠤᠮᠳᠠᠳᠤ ᠶᠢᠨ ᠰᠤᠶᠤᠯ ᠤᠨ ᠲᠤᠬᠠᠢ ᠡᠯ᠎ᠡ ᠦᠨᠳᠦᠰᠦᠳᠡᠨ ᠤ ᠲᠠᠨᠢᠴᠠ  ᠮᠡᠳᠡᠷᠡᠴᠡ ᠶᠢ ᠴᠢᠩᠭᠠᠷᠠᠭᠤᠯᠤᠨ᠂  ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠬᠦᠯᠬᠦ ᠭᠡᠷᠡᠭᠳᠡᠢ᠃                     ᠲᠤᠮᠳᠠᠳᠤ ᠤᠯᠤᠰ ᠤᠨ ᠡᠪ ᠬᠠᠮᠳᠤ ᠨᠠᠮ ᠤᠨ ᠲᠠᠶᠢᠹᠤᠰᠧ                    ᠬᠤᠰᠢᠭᠤᠨ ᠤ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ                        2020 ᠤᠨ ᠤ 9 ᠰᠠᠷ᠎ᠠ ᠶᠢᠨ 11 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号