ᠪᠠᠴᠢᠮ  ᠮᠡᠳᠡᠭᠳᠡᠯ
ᠨᠡᠶᠢᠲᠡᠯᠡᠭᠰᠡᠨ ᠴᠠᠭ᠄
2020/9/13
ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ᠂  ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ᠂  ᠬᠤᠰᠢᠭᠤᠨ ᠤ ᠮᠤᠩᠭᠤᠯ ᠰᠤᠷᠭᠠᠭᠤᠯᠢ ᠳᠤ᠄      ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠡᠷᠡᠭᠯᠡᠬᠦ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠤᠭᠴᠢᠳ ᠤᠨ ᠰᠤᠷᠭᠠᠭᠤᠯᠢ ᠳᠠᠭᠠᠨ ᠬᠦᠷᠴᠦ ᠬᠢᠴᠢᠶᠡᠯ ᠤᠷᠤᠬᠤ ᠠᠵᠢᠯ ᠢ ᠤᠯᠠᠮ ᠨᠢᠬᠡ ᠠᠯᠬᠤᠮ ᠰᠠᠶᠢᠨ ᠬᠢᠬᠦ ᠶᠢᠨ ᠲᠦᠯᠦᠬᠡ᠂  ᠡᠳᠦᠬᠡ ᠬᠤᠯᠪᠤᠭᠳᠠᠯ ᠪᠦᠬᠦᠢ ᠱᠠᠭᠠᠷᠳᠠᠯᠭ᠎ᠠ ᠶᠢ ᠲᠤᠤᠷᠠᠬᠢ ᠮᠡᠳᠦ ᠪᠠᠴᠢᠮ ᠮᠡᠳᠡᠭᠳᠡᠪᠡ᠄      ᠨᠢᠬᠡ ᠳᠤ᠂ 9 ᠰᠠᠷ᠎ᠠ ᠶᠢᠨ 14᠎ ᠤ ᠡᠳᠦᠷ ᠤᠨ ᠦᠳᠡ ᠶᠢᠨ ᠬᠤᠶᠢᠨ᠎ᠠ ᠶᠢᠨ 6 ᠴᠠᠭ ᠠᠴᠠ ᠡᠮᠦᠨ᠎ᠡ᠂  ᠡᠯ᠎ᠡ ᠰᠤᠮᠤ ᠰᠢᠶᠠᠩ ᠪᠠᠯᠭᠠᠰᠤ ᠨᠢ ᠵᠦᠢ ᠵᠤᠬᠢᠰ ᠦᠬᠡᠢ ᠰᠢᠯᠳᠠᠭ ᠢᠶᠠᠷ ᠬᠡᠦᠬᠡᠳ ᠢᠶᠠᠨ ᠰᠤᠷᠭᠠᠭᠤᠯᠢ  ᠎ ᠳᠤᠨᠢ ᠬᠦᠷᠭᠡᠭᠰᠡᠨ ᠦᠬᠡᠢ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶᠎ ᠤᠨ ᠤᠳᠤᠷᠢᠳᠬᠤ ᠪᠠᠭ ᠤᠨ ᠭᠡᠰᠢᠬᠦᠨ ᠤ ᠨᠡᠷᠡᠰ ᠢ ᠬᠤᠰᠢᠭᠤᠨ ᠤ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠤᠯᠪᠤᠭᠳᠠᠯ ᠪᠦᠬᠦᠢ ᠠᠵᠢᠯ ᠤᠨ  ᠤᠳᠤᠷᠢᠳᠬᠤ ᠲᠤᠭᠤᠶᠢᠯᠠᠩ ᠳᠤ ᠮᠡᠳᠡᠬᠦᠯᠵᠦ᠂ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠨᠢ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠦᠪᠯᠡᠯ ᠎ ᠲᠠᠢ ᠬᠠᠮᠳᠤᠷᠠᠨ  9 ᠰᠠᠷ᠎ᠠ ᠶᠢᠨ 14᠎ ᠤ ᠤᠷᠤᠢ ᠠᠴᠠ ᠬᠠᠷᠢᠭᠤᠴᠠᠯᠭ᠎ᠠ ᠨᠡᠬᠡᠮᠵᠢᠯᠡᠬᠦ ᠶᠠᠪᠤᠴᠠ ᠶᠢ ᠡᠬᠢᠯᠡᠨ ᠭᠡᠷᠡᠭᠵᠢᠬᠦᠯᠦᠨ᠎ᠡ᠃     ᠬᠤᠶᠠᠷ ᠲᠤ᠂ 9 ᠰᠠᠷ᠎ᠠ ᠶᠢᠨ 13᠎ ᠤ ᠡᠳᠦᠷ ᠪᠠ 14᠎ ᠤ ᠡᠳᠦᠷ᠂  ᠬᠤᠰᠢᠭᠤᠨ ᠤ ᠮᠤᠩᠭᠤᠯ ᠰᠤᠷᠭᠠᠭᠤᠯᠢ ᠎ ᠨᠢ ᠠᠩᠬᠢ ᠠᠩᠬᠢ ᠪᠠᠷ ᠨᠢᠬᠡᠴᠡᠯᠡᠵᠦ᠂  ᠠᠩᠬᠢ ᠶᠢᠨ ᠡᠷᠬᠢᠯᠡᠭᠴᠢ ᠪᠠᠭᠰᠢ  ᠎ ᠨᠢ ᠬᠢᠴᠢᠶᠡᠯ ᠤᠨ ᠪᠠᠭᠰᠢ ᠲᠠᠢ ᠬᠠᠮᠳᠤ ᠎ ᠪᠠᠷ ᠰᠤᠷᠤᠭᠴᠢᠳ ᠢ ᠵᠤᠬᠢᠶᠠᠨ ᠪᠠᠶᠢᠭᠤᠯᠵᠤ ᠨᠡᠷ᠎ᠡ ᠮᠡᠳᠡᠬᠦᠯᠬᠦ ᠠᠵᠢᠯ ᠢ ᠬᠢᠨ᠎ᠡ᠃ 9 ᠰᠠᠷ᠎ᠠ ᠶᠢᠨ 14᠎ ᠤ ᠦᠳᠡ ᠎ ᠶᠢᠨ 12 ᠴᠠᠭ  ᠎ ᠳᠤ᠂  ᠬᠤᠰᠢᠭᠤᠨ ᠤ ᠤᠳᠤᠷᠢᠳᠬᠤ ᠲᠤᠭᠤᠶᠢᠯᠠᠩ ᠠᠴᠠ   ᠰᠤᠷᠤᠭᠴᠢ ᠶᠢᠨ ᠲᠤᠭ᠎ᠠ ᠶᠢ  ᠪᠦᠷᠢᠳᠬᠡᠨ ᠵᠢᠬᠰᠠᠭᠠᠵᠤ᠂   ᠰᠤᠷᠤᠭᠴᠢᠳ ᠤᠨ ᠰᠤᠷᠭᠠᠭᠤᠯᠢ ᠳᠠᠭᠠᠨ ᠬᠦᠷᠦᠭᠰᠡᠨ ᠨᠤᠷᠮ᠎ᠠ ᠨᠢ 80%᠎ ᠳᠤ ᠬᠦᠷᠬᠦ ᠦᠬᠡᠢ ᠠᠩᠬᠢ ᠨᠢᠬᠡᠴᠡ ᠶᠢ ᠵᠢᠬᠰᠠᠭᠠᠨ᠂   ᠵᠢᠬᠰᠠᠭᠠᠯᠳᠠ ᠳᠤ ᠬᠠᠮᠤᠭ ᠲᠤᠤᠷ᠎ᠠ ᠤᠷᠤᠭᠰᠠᠨ ᠠᠩᠬᠢ ᠶᠢᠨ ᠡᠷᠬᠢᠯᠡᠭᠴᠢ ᠶᠢᠨ ᠠᠵᠢᠯ ᠢ ᠰᠢᠯᠵᠢᠬᠦᠯᠬᠦ ᠠᠷᠭ᠎ᠠ ᠲᠦᠷᠢᠮ ᠢ ᠭᠡᠷᠡᠭᠵᠢᠬᠦᠯᠦᠨ᠎ᠡ᠃     ᠭᠤᠷᠪᠠ ᠳᠤ᠂  ᠨᠢᠬᠡᠳᠦᠭᠡᠷ ᠤᠨ ᠪᠠ ᠲᠤᠯᠤᠳᠤᠭᠠᠷ ᠤᠨ ᠤ ᠰᠤᠷᠤᠭᠴᠢ ᠶᠢᠨ ᠰᠤᠷᠭᠠᠭᠤᠯᠢ ᠳᠤ ᠪᠦᠷᠢᠳᠭᠡᠬᠦᠯᠬᠦ ᠬᠤᠭᠤᠴᠠᠭ᠎ᠠ  ᠎ ᠶᠢ 9 ᠰᠠᠷ᠎ᠠ ᠶᠢᠨ 14᠎ ᠤ ᠡᠳᠦᠷ ᠬᠦᠷᠳᠡᠯ᠎ᠡ ᠬᠢᠵᠠᠭᠠᠷᠯᠠᠨ᠎ᠠ᠃  ᠬᠤᠶᠠᠳᠤᠭᠠᠷ ᠤᠨ ᠎ ᠠᠴᠠ ᠵᠢᠷᠭᠤᠳᠤᠭᠠᠷ ᠤᠨ᠂   ᠨᠠᠢᠮᠠᠳᠤᠭᠠᠷ ᠤᠨ ᠠᠴᠠ ᠶᠢᠰᠦᠳᠦᠬᠡᠷ ᠤᠨ ᠳᠤ ᠰᠤᠷᠤᠯᠴᠠᠵᠤ ᠪᠠᠶᠢᠭ᠎ᠠ ᠲᠠᠶᠢᠹᠤᠰᠧ ᠬᠤᠰᠢᠭᠤᠨ ᠤ ᠡᠷᠦᠬᠡ ᠠᠮᠠ  ᠎ ᠶᠢᠨ ᠲᠠᠩᠰᠠ ᠲᠠᠢ ᠰᠤᠷᠤᠭᠴᠢᠳ ᠲᠤᠭᠳᠠᠭᠰᠠᠨ ᠴᠠᠭ ᠲᠠᠭᠠᠨ ᠨᠡᠷ᠎ᠡ ᠮᠡᠳᠡᠬᠦᠯᠵᠦ ᠰᠤᠷᠭᠠᠭᠤᠯᠢ ᠳᠠᠭᠠᠨ ᠬᠦᠷᠦᠭᠰᠡᠨ ᠦᠬᠡᠢ ᠠᠴᠠ ᠪᠤᠯᠵᠤ ᠰᠤᠷᠭᠠᠭᠤᠯᠢ ᠶᠢᠨ ᠬᠠᠷᠢᠶᠠᠯᠠᠯ ᠢ ᠦᠷᠬᠦᠯᠵᠢᠯᠡᠬᠦᠯᠬᠦ ᠠᠵᠢᠯ ᠬᠡᠪ ᠶᠤᠰᠤᠭᠠᠷ ᠶᠠᠪᠤᠭᠳᠠᠵᠤ ᠲᠡᠶᠢᠯᠬᠦ ᠦᠬᠡᠢ ᠪᠤᠯ᠂ 9 ᠰᠠᠷ᠎ᠠ ᠶᠢᠨ 14᠎ ᠤ ᠡᠳᠦᠷ ᠠᠴᠠ ᠡᠬᠢᠯᠡᠨ ᠰᠤᠷᠤᠯᠭ᠎ᠠ  ᠲᠠᠰᠤᠯᠤᠭᠰᠠᠨ ᠰᠡᠵᠢᠭᠯᠡᠯ ᠲᠠᠢ ᠪᠠᠷ ᠪᠤᠳᠤᠵᠤ᠂ ᠢᠳᠬᠠᠨ ᠬᠦᠷᠭᠡᠬᠦᠯᠬᠦ ᠲᠤᠭᠳᠠᠯᠴᠠᠭ᠎ᠠ ᠶᠢ  ᠭᠡᠷᠡᠭᠵᠢᠬᠦᠯᠬᠦ ᠶᠢᠨ ᠬᠠᠮᠳᠤ᠂  ︽ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠠᠤᠯᠢ︾᠂ ︽ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠳᠠ ᠶᠢᠨ ᠬᠠᠤᠯᠢ︾ ᠵᠡᠷᠭᠡ ᠬᠠᠤᠯᠢ ᠲᠦᠷᠢᠮ ᠢ ᠦᠨᠳᠦᠰᠦᠯᠡᠨ᠂ ᠭᠡᠷ ᠤᠨ ᠠᠬᠠᠮᠠᠳ ᠪᠤᠶᠤ ᠪᠤᠰᠤᠳ ᠬᠠᠤᠯᠢ ᠶᠤᠰᠤᠨ ᠤ ᠬᠢᠨᠠᠨ ᠬᠠᠮᠠᠭᠠᠯᠠᠬᠤ ᠬᠦᠮᠦᠰ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠬᠤᠶᠠᠳᠤᠭᠠᠷ ᠤᠨ ᠠᠴᠠ ᠵᠢᠷᠭᠤᠳᠤᠭᠠᠷ ᠤᠨ᠂   ᠨᠠᠢᠮᠠᠳᠤᠭᠠᠷ ᠤᠨ ᠠᠴᠠ ᠶᠢᠰᠦᠳᠦᠬᠡᠷ ᠤᠨ ᠳᠤ ᠰᠤᠷᠤᠯᠴᠠᠵᠤ ᠪᠠᠶᠢᠭ᠎ᠠ ᠲᠠᠶᠢᠹᠤᠰᠧ ᠬᠤᠰᠢᠭᠤᠨ ᠤ ᠡᠷᠦᠬᠡ ᠠᠮᠠ  ᠎ ᠶᠢᠨ ᠲᠠᠩᠰᠠ ᠲᠠᠢ ᠰᠤᠷᠤᠭᠴᠢᠳ 9 ᠰᠠᠷ᠎ᠠ ᠶᠢᠨ 14᠎ ᠤ ᠡᠳᠦᠷ ᠬᠦᠷᠳᠡᠯ᠎ᠡ ᠨᠡᠷ᠎ᠡ ᠮᠡᠳᠡᠬᠦᠯᠵᠦ ᠰᠤᠷᠭᠠᠭᠤᠯᠢ ᠳᠠᠭᠠᠨ ᠬᠦᠷᠦᠭᠰᠡᠨ ᠦᠬᠡᠢ ᠠᠴᠠ ᠪᠤᠯᠵᠤ᠂ ᠰᠤᠷᠭᠠᠭᠤᠯᠢ ᠶᠢᠨ ᠬᠠᠷᠢᠶᠠᠯᠠᠯ ᠢ ᠦᠷᠬᠦᠯᠵᠢᠯᠡᠬᠦᠯᠬᠦ ᠠᠵᠢᠯ ᠬᠡᠪ ᠶᠤᠰᠤᠭᠠᠷ ᠶᠠᠪᠤᠭᠳᠠᠵᠤ ᠲᠡᠶᠢᠯᠬᠦ ᠦᠬᠡᠢ ᠪᠤᠯ᠂  9 ᠰᠠᠷ᠎ᠠ ᠶᠢᠨ 14᠎ ᠤ ᠡᠳᠦᠷ ᠠᠴᠠ ᠡᠬᠢᠯᠡᠨ᠂  ᠵᠤᠭᠰᠤᠬᠤ ᠶᠢ ᠡᠵᠡᠮᠳᠡᠵᠦ ᠶᠠᠪᠤᠭᠳᠠᠬᠤ ᠶᠢ ᠪᠠᠳᠤᠯᠠᠬᠤ ᠲᠤᠭᠳᠠᠯᠴᠠᠭ᠎ᠠ ᠶᠢ ᠭᠡᠷᠡᠭᠵᠢᠬᠦᠯᠦᠨ᠂  ᠰᠤᠷᠤᠭᠴᠢ ᠶᠢᠨ ᠰᠤᠷᠭᠠᠭᠤᠯᠢ ᠶᠢᠨ ᠬᠠᠷᠢᠶᠠᠯᠠᠯ ᠤᠨ ᠲᠠᠩᠰᠠ ᠶᠢ ᠨᠢ ᠡᠷᠦᠬᠡ ᠠᠮᠠ ᠶᠢᠨ ᠲᠠᠠᠩᠰᠠ ᠪᠠᠶᠢᠭ᠎ᠠ ᠭᠠᠵᠠᠷ ᠎ ᠲᠤᠨᠢ ᠰᠢᠯᠵᠢᠬᠦᠯᠦᠨ ᠲᠤᠰᠢᠶᠠᠨ᠎ᠠ᠃                ᠲᠠᠶᠢᠹᠤᠰᠧ ᠬᠤᠰᠢᠭᠤᠨ ᠤ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ               ᠮᠠᠲ᠋ᠧᠷᠢᠶᠠᠯ ᠤᠨ ᠬᠤᠯᠪᠤᠭᠳᠠᠯ  ᠪᠦᠬᠦᠢ ᠠᠵᠢᠯ ᠤᠨ ᠤᠳᠤᠷᠢᠳᠬᠤ ᠲᠤᠭᠤᠶᠢᠯᠠᠩ                            2 020 ᠤᠨ ᠤ 9 ᠰᠠᠷ᠎ᠠ ᠶᠢᠨ 13᠎ ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号