ᠲᠠᠶᠢᠹᠤᠰᠧ ᠬᠤᠰᠢᠭᠤ 2020 ᠤᠨ ᠤ  ︽ᠪᠡᠭᠡᠵᠢᠩ ᠦᠪᠦᠷ ᠮᠤᠩᠭᠤᠯ ᠤᠨ ᠬᠦᠳᠡᠯᠮᠦᠷᠢ ᠶᠢᠨ ᠶᠠᠪᠤᠳᠠᠯ ᠎ ᠤᠨ ᠬᠠᠮᠵᠢᠯᠴᠠᠭᠠᠨ︾᠎ ᠤ ᠲᠤᠰᠬᠠᠢ ᠡᠯᠰᠡᠯᠳᠡ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2020/9/27
    ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠦᠨ᠂ ᠢᠯᠠᠩᠭᠤᠶ᠎ᠠ ᠶᠠᠳᠠᠭᠤ ᠬᠦᠴᠢᠷᠳᠡᠯᠳᠡᠢ ᠬᠦᠳᠡᠯᠮᠦᠷᠢ ᠬᠦᠴᠦᠨ ᠤ ᠠᠵᠢᠯ ᠤᠯᠬᠤ ᠶᠢ ᠠᠬᠢᠭᠤᠯᠵᠤ᠂  ᠦᠢᠯᠡᠰ ᠪᠦᠳᠦᠬᠡᠵᠦ ᠠᠵᠢᠯ ᠤᠯᠬᠤ  ᠠᠷᠭ᠎ᠠ ᠵᠠᠮ ᠢ ᠦᠷᠭᠡᠳᠭᠡᠨ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠬᠦᠴᠦᠨ  ᠨᠡᠮᠡᠷᠢᠯᠡᠬᠦ ᠶᠢᠨ ᠲᠤᠰᠠᠳᠠ᠂ 9 ᠰᠠᠷ᠎ᠠ ᠶᠢᠨ 24᠎ ᠤ ᠡᠳᠦᠷ  ᠲᠠᠶᠢᠹᠤᠰᠧ ᠬᠤᠰᠢᠭᠤᠨ ᠤ ᠠᠵᠢᠯ ᠤᠯᠭᠤᠬᠤ ᠲᠤᠪᠴᠢᠶ᠎ᠠ ᠨᠢ ᠪᠡᠬᠡᠵᠢᠩ ᠤᠨ ᠴᠠᠩ ᠫᠢᠩ  ᠲᠤᠭᠤᠷᠢᠭ ᠤᠨ ᠬᠦᠮᠦᠨ ᠤ ᠬᠦᠴᠦᠨ ᠤᠨ ᠡᠬᠢ ᠪᠠᠶᠠᠯᠢᠭ  ᠪᠠ ᠨᠡᠶᠢᠬᠡᠮ ᠤᠨ ᠪᠠᠳᠤᠯᠠᠭᠠᠨ ᠤ ᠲᠤᠪᠴᠢᠶ᠎ᠠ ᠲᠠᠢ ᠬᠤᠯᠪᠤᠭᠠᠯᠠᠠ 2020 ᠤᠨ ᠤ  ︽ᠪᠡᠭᠡᠵᠢᠩ ᠦᠪᠦᠷ ᠮᠤᠩᠭᠤᠯ ᠤᠨ ᠬᠦᠳᠡᠯᠮᠦᠷᠢ ᠎ ᠶᠢᠨ ᠶᠠᠪᠤᠳᠠᠯ ᠤᠨ ᠬᠠᠮᠵᠢᠯᠴᠠᠭᠠᠨ︾᠎ ᠤ ᠲᠤᠰᠬᠠᠢ ᠡᠯᠰᠡᠯᠳᠡ ᠶᠢᠨ ᠬᠤᠷᠠᠯ ᠡᠷᠬᠢᠯᠡᠭᠰᠡᠨ ᠪᠠᠶᠢᠨ᠎ᠠ᠃     ᠠᠵᠢᠯᠴᠢᠨ ᠡᠯᠰᠡᠬᠦ ᠠᠬᠤᠢ ᠲᠠᠯᠠᠪᠠᠢ ᠳᠤ ᠠᠰᠠᠭᠤᠨ ᠯᠠᠪᠯᠠᠬᠤ ᠲᠠᠪᠴᠠᠩ ᠲᠤᠬᠢᠷᠠᠭᠤᠯᠵᠤ᠂ ᠠᠵᠢᠯᠳᠠᠳ ᠠᠴᠠ  ᠶᠠᠳᠠᠭᠤ ᠬᠦᠴᠢᠷᠳᠡᠯᠳᠡᠢ ᠬᠦᠳᠡᠯᠮᠦᠷᠢ ᠬᠦᠴᠦᠨ ᠳᠤ ᠠᠵᠢᠯ  ᠤᠯᠵᠤ ᠦᠢᠯᠡᠰ ᠪᠦᠳᠦᠬᠡᠬᠦ ᠲᠦᠷᠦ ᠶᠢᠨ ᠪᠤᠳᠤᠯᠭ᠎ᠠ ᠎ ᠶᠢ  ᠤᠬᠠᠭᠤᠯᠤᠨ ᠲᠠᠶᠢᠯᠪᠤᠷᠢᠯᠠᠬᠤ ᠶᠢᠨ ᠬᠠᠮᠳᠤ᠂  ᠲᠡᠬᠦᠰᠦᠭᠰᠡᠨ ᠤᠶᠤᠳᠠᠨ᠂   ᠬᠦᠯᠦᠰᠦᠨ ᠠᠵᠢᠯᠴᠢᠨ᠂ ᠴᠡᠷᠢᠭ ᠎ ᠤᠨ ᠠᠯᠪᠠ ᠠᠴᠠ ᠬᠠᠯᠠᠭᠳᠠᠭᠰᠠᠳ᠂ ᠬᠤᠳᠠ ᠬᠦᠳᠡᠭᠡ ᠶᠢᠨ ᠠᠵᠢᠯ ᠠᠯᠳᠠᠭᠰᠠᠳ ᠵᠡᠷᠭᠡ ᠡᠯ᠎ᠡ ᠲᠦᠷᠦᠯ ᠤᠨ ᠬᠦᠮᠦᠰ ᠎ ᠲᠤ ᠠᠵᠢᠯ ᠤᠯᠭᠤᠬᠤ ᠦᠢᠯᠡᠴᠢᠯᠡᠭᠡ ᠬᠠᠩᠭᠠᠵᠠᠢ᠃   ᠪᠦᠷᠢᠳᠬᠡᠯ ᠢ ᠦᠨᠳᠦᠰᠦᠯᠡᠪᠡᠯ᠂  ᠡᠨᠡ  ᠤᠳᠠᠭᠠᠨ ᠤ ᠠᠵᠢᠯᠴᠢᠨ ᠡᠯᠰᠡᠬᠦ ᠬᠤᠷᠠᠯ ᠳᠤ 45 ᠡᠷᠦᠬᠡ ᠠᠵᠤ ᠠᠬᠤᠶᠢᠯᠠᠯ ᠤᠷᠤᠯᠴᠠᠵᠤ ︵ ᠪᠡᠭᠡᠵᠢᠩ ᠬᠤᠳᠠ ᠶᠢᠨ 23 ᠡᠷᠦᠬᠡ᠂  ᠲᠤᠰ ᠬᠤᠰᠢᠭᠤᠨ ᠤ 22 ᠡᠷᠦᠬᠡ︶  ᠂  ᠨᠢᠬᠳᠠᠯᠠᠨ ᠪᠤᠳᠤᠭᠴᠢ᠂ ᠨᠠᠷᠢᠨ ᠪᠢᠴᠢᠭᠡᠴᠢ᠂   ᠴᠠᠬᠢᠯᠭᠠᠨ ᠤ ᠠᠵᠢᠯᠴᠢᠨ᠂  ᠪᠤᠷᠤᠯᠠᠭᠤᠯᠤᠭᠴᠢ᠂  ᠬᠠᠮᠢᠶᠠᠷᠤᠭᠴᠢ᠂  ᠲᠤᠭᠤᠭᠠᠴᠢ᠂  ᠴᠡᠪᠡᠷᠯᠡᠭᠴᠢ᠂   ᠠᠮᠤᠷ ᠢ ᠬᠠᠮᠠᠭᠠᠯᠠᠭᠴᠢ ᠵᠡᠷᠭᠡ ᠤᠯᠠᠨ ᠠᠵᠢᠯ  ᠲᠦᠷᠦᠯ ᠢ  ᠬᠠᠮᠤᠷᠤᠭᠰᠠᠨ 1000 ᠭᠠᠷᠤᠢ ᠠᠵᠢᠯ ᠤᠨ ᠪᠠᠶᠢᠷᠢ  ᠬᠠᠩᠭᠠᠭᠰᠠᠨ ᠪᠦᠬᠡᠳ 2000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 1000 ᠭᠠᠷᠤᠢ ᠬᠦᠮᠦᠨ ᠤ ᠠᠰᠠᠭᠤᠵᠤ ᠯᠠᠪᠯᠠᠭᠰᠠᠨ ᠵᠦᠢᠯ ᠳᠤ ᠬᠠᠷᠢᠭᠤᠯᠳᠠ ᠲᠠᠶᠢᠯᠤᠮᠵᠢ  ᠬᠢᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号