ᠪᠤᠷᠤᠬᠦᠦ ᠭᠤᠤᠯᠳᠠᠯᠭ᠎ᠠ ᠲᠠᠢ ᠠᠵᠤ ᠠᠬᠤᠶᠢᠯᠠᠯ ᠳᠤ ᠬᠦᠨᠵᠡᠬᠡᠶᠢᠷᠡᠨ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020/9/27
   ᠪᠦᠬᠦ ᠠᠶᠢᠮᠠᠭ ᠤᠨ ︽ᠬᠤᠶᠠᠷ ᠪᠠᠶᠠᠷ︾᠎ ᠤᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠬᠡ᠂ 9 ᠰᠠᠷ᠎ᠠ ᠶᠢᠨ 25᠎ ᠤ ᠡᠳᠦᠷ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ  ᠵᠠᠰᠠᠭ ᠤᠨ ᠤᠷᠳᠤᠨ ᠤ  ᠬᠤᠪᠢᠳᠠᠨ ᠬᠠᠮᠢᠶᠠᠷᠬᠤ ᠤᠳᠤᠷᠢᠳᠤᠯᠭ᠎ᠠ  ᠪᠤᠯᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠠᠷ ᠤᠨ ᠬᠠᠮᠳᠤ᠂  ᠲᠤᠰ ᠬᠤᠰᠢᠭᠤᠨ ᠤ ᠪᠠᠶᠢᠭᠤᠯᠵᠤ ᠪᠠᠶᠢᠭ᠎ᠠ ᠲᠦᠷᠦᠯ ᠵᠦᠢᠯ᠂ ᠭᠤᠤᠯᠳᠠᠯᠭ᠎ᠠ ᠲᠠᠢ ᠠᠵᠤ ᠠᠬᠤᠶᠢᠯᠠᠯ  ᠪᠠ ᠭᠡᠰᠡᠭ ᠰᠤᠷᠭᠠᠭᠤᠯᠢ  ᠎ ᠪᠠᠷ ᠬᠦᠨᠵᠡᠭᠡᠶᠢᠷᠡᠨ᠂ ᠠᠷᠠᠳ ᠤᠨ ᠠᠮᠢᠳᠤᠷᠠᠯ ᠤᠨ ᠠᠵᠢᠯ᠂   ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ᠂   ᠲᠦᠷᠦᠯ ᠵᠦᠢᠯ ᠤᠨ ᠪᠠᠶᠢᠭᠤᠯᠤᠯᠳᠠ᠂  ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ᠂   ᠠᠶᠤᠯᠬᠦᠢ ᠦᠢᠯᠡᠳᠪᠦᠷᠢᠯᠡᠯ᠂   ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠢᠴᠢ  ᠤᠯᠤᠰ ᠤᠨ ᠨᠢᠬᠡᠳᠦᠯᠳᠡᠢ  ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠡᠷᠡᠭᠯᠡᠬᠦ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠭᠰᠡᠨ ᠪᠠᠶᠢᠨ᠎ᠠ᠃      ᠪᠤᠷᠤᠬᠦᠦ   ᠲᠡᠳ᠋  ᠬᠤᠰᠢᠭᠤ ᠲᠠᠷᠤᠭ᠎ᠠ ᠯᠢ ᠵᠠᠨ ᠷᠦᠢ᠂ ᠡᠷᠳᠡᠨᠢᠪᠠᠭᠠᠳᠤᠷ ᠤᠨ ᠪᠠᠷ᠎ᠠ ᠪᠤᠯᠤᠯᠭ᠎ᠠ ᠲᠠᠢ ᠪᠠᠷ  ᠂ ᠵᠢᠩ ᠳ᠋ᠢᠶᠠᠨ ᠬᠦᠸᠧ ᠵᠢᠢ ᠰᠠᠭᠤᠭᠠᠯᠢ ᠲᠤᠭᠤᠷᠢᠭ ᠤᠨ ᠪᠠᠷᠢᠯᠭ᠎ᠠ ᠶᠢᠨ ᠭᠠᠵᠠᠷ᠂   ᠲᠠᠩ ᠾᠧ  ᠵᠤᠬᠢᠶᠠᠮᠠᠯ  ᠠᠯᠮᠠᠰ ᠴᠢᠯᠠᠭᠤ  ᠦᠢᠯᠡᠳᠪᠦᠷᠢᠯᠡᠬᠦ ᠲᠦᠷᠦᠯ ᠵᠦᠢᠯ ᠤᠨ ᠤᠷᠤᠨ᠂    ᠡᠤ ᠹᠧᠩ ᠤᠳᠤᠬᠢᠴᠢᠯᠠᠭᠰᠠᠨ ᠮᠠᠯᠵᠢᠯ ᠤᠨ ᠺᠤᠮᠫᠠᠨᠢ  ᠂  ᠪᠠᠢ ᠬᠤᠢ ᠱᠧᠩ ᠰᠢᠬᠢᠷ ᠤᠨ ᠦᠢᠯᠡᠳᠪᠦᠷᠢ᠂   ᠳ᠋ᠧ ᠴᠢᠩ ᠶᠤᠸᠠᠨ ᠲᠠᠬᠢᠶ᠎ᠠ ᠲᠡᠵᠢᠬᠡᠬᠦ ᠲᠦᠷᠦᠯ ᠵᠦᠢᠯ ᠤᠨ ᠤᠷᠤᠨ᠂ ᠴᠢᠶᠠᠨ ᠶᠢᠨ ᠭᠸᠦ  ᠎ ᠳᠠᠬᠢ 110 ᠺᠢᠯᠤᠸᠤᠯᠲ ᠤᠨ ᠴᠠᠬᠢᠯᠭᠠᠨ ᠲᠠᠮᠵᠢᠭᠤᠯᠬᠤ ᠦᠷᠳᠡᠭᠡ  ᠵᠡᠷᠭᠡ  ᠎ ᠳᠤ ᠬᠦᠷᠴᠦ᠂  ᠠᠬᠤᠢ ᠲᠠᠯᠠᠪᠠᠢ ᠳᠤ ᠪᠠᠶᠢᠴᠠᠭᠠᠨ᠂ ᠠᠵᠢᠯ ᠤᠨ ᠬᠠᠷᠢᠭᠤ ᠮᠡᠳᠡᠬᠦᠯᠦᠯᠳᠡ ᠰᠤᠨᠤᠰᠬᠤ ᠶᠢᠨ ᠬᠠᠮᠳᠤ᠂ ᠤᠷᠤᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠨᠢ  ᠨᠠᠷᠢᠨ ᠨᠢᠮᠪᠠᠢ ᠠᠰᠠᠭᠤᠵᠤ ᠤᠶᠢᠯᠠᠭᠠᠵᠠᠢ᠃         ᠪᠤᠷᠤᠬᠦᠦ ᠵᠢᠭᠠᠵᠤ ᠭᠠᠷᠭᠠᠬᠤ ᠳᠠᠭᠠᠨ᠂   ᠡᠯ᠎ᠡ ᠰᠠᠯᠠᠭ᠎ᠠ ᠮᠦᠴᠢᠷ ᠨᠢ ᠡᠷᠭᠡᠪᠰᠢ  ᠠᠵᠢᠯ ᠤᠨ ᠪᠠᠶᠢᠷᠢ ᠶᠢᠨ ᠡᠬᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂   ᠬᠠᠮᠵᠢᠯᠴᠠᠭ᠎ᠠ ᠵᠤᠬᠢᠴᠠᠭᠤᠯᠭ᠎ᠠ ᠶᠢ ᠴᠢᠩᠭᠠᠳᠬᠠᠨ᠂   ᠠᠵᠤ ᠠᠬᠤᠶᠢᠯᠠᠯ ᠪᠠ ᠪᠠᠶᠢᠭᠤᠯᠵᠤ ᠪᠠᠶᠢᠭ᠎ᠠ ᠲᠦᠷᠦᠯ ᠵᠦᠢᠯ ᠳᠤ ᠦᠨᠡᠨᠬᠦ ᠰᠠᠶᠢᠨ ᠦᠢᠯᠡᠴᠢᠯᠡᠵᠦ᠂   ᠠᠵᠤ ᠠᠬᠤᠶᠢᠯᠠᠯ ᠢ ᠬᠠᠪᠰᠤᠷᠤᠨ  ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠬᠢᠶᠠᠯᠳᠤᠭᠰᠠᠨ ᠬᠦᠴᠢᠷᠳᠡᠯ ᠪᠠ ᠠᠰᠠᠭᠤᠳᠠᠯ ᠢ ᠨᠢ ᠰᠠᠶᠢᠳᠤᠷ ᠰᠢᠢᠳᠪᠦᠷᠢᠯᠡᠨ᠂    ᠠᠵᠤ ᠠᠬᠤᠶᠢᠯᠠᠯ ᠤᠨ ᠤᠷᠤᠭᠰᠢᠳᠠᠢ᠂ ᠡᠷᠡᠬᠦᠯ᠂  ᠦᠷᠬᠦᠯᠵᠢᠯᠡᠭᠰᠡᠨ  ᠬᠦᠭᠵᠢᠯᠳᠡ ᠎ ᠶᠢ  ᠪᠠᠳᠤᠯᠠᠵᠤ᠂  ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ ᠂  ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠵᠤᠯ ᠵᠢᠷᠭᠠᠯ ᠤᠨ ᠲᠦᠷᠦᠭᠳᠡᠯ᠂ ᠤᠯᠤᠯᠳᠠ ᠬᠦᠷᠳᠡᠭᠡᠯ ᠤᠨ ᠲᠦᠷᠦᠭᠳᠡᠯ ᠢ ᠤᠯᠠᠮ ᠨᠢᠬᠡ ᠠᠯᠬᠤᠮ ᠨᠡᠮᠡᠭᠳᠡᠬᠦᠯᠬᠦ ᠭᠡᠷᠡᠭᠳᠡᠢ᠃  ᠠᠵᠤ ᠠᠬᠤᠶᠢᠯᠠᠯ ᠨᠢ ᠡᠷᠭᠡᠪᠰᠢ ᠠᠶᠤᠯᠬᠦᠢ ᠦᠢᠯᠡᠳᠪᠦᠷᠢᠯᠡᠯ ᠢ  ᠪᠤᠳᠠᠳᠠᠢ ᠮᠦᠷᠳᠡᠭᠡᠨ ᠨᠠᠷᠢᠨ ᠠᠳᠬᠤᠵᠤ᠂  ᠡᠯ᠎ᠡ ᠲᠦᠷᠦᠯ ᠤᠨ ᠪᠠᠳᠤᠯᠠᠭᠠᠨ ᠤ ᠠᠷᠭ᠎ᠠ ᠠᠪᠴᠢᠯ ᠢ ᠬᠠᠤᠯᠢ ᠲᠦᠷᠢᠮ ᠶᠤᠰᠤᠭᠠᠷ ᠴᠢᠩᠭ᠎ᠠ ᠨᠠᠶᠢᠳᠠᠪᠤᠷᠢᠵᠢᠭᠤᠯᠬᠤ ᠭᠡᠷᠡᠭᠳᠡᠢ ᠭᠡᠪᠡ᠃      ᠪᠤᠷᠤᠬᠦᠦ ᠬᠤᠰᠢᠭᠤᠨ ᠤ ᠮᠤᠩᠭᠤᠯ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠵᠢᠭᠠᠨ ᠰᠤᠷᠭᠠᠯᠳᠠ᠂  ᠬᠤᠭᠤᠯᠠ ᠤᠮᠳᠠ᠂ ᠬᠤᠨᠤᠭ ᠪᠠᠶᠢᠷᠢ ᠶᠢᠨ ᠪᠠᠶᠢᠳᠠᠯ ᠢ ᠤᠶᠢᠯᠠᠭᠠᠭᠰᠠᠨ ᠪᠦᠬᠡᠳ  ᠮᠤᠩᠭᠤᠯ ᠰᠤᠷᠭᠠᠭᠤᠯᠢ ᠨᠢ ᠮᠠᠨ ᠎ ᠤ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠤᠨ ᠴᠢᠬᠤᠯᠠ  ᠬᠦᠴᠦᠨ ᠪᠤᠯᠤᠭᠰᠠᠨ ᠤ ᠬᠤᠪᠢ ᠳᠤ᠂  ᠡᠯ᠎ᠡ ᠱᠠᠳᠤᠨ ᠤ ᠰᠠᠯᠠᠭ᠎ᠠ ᠮᠦᠴᠢᠷ ᠨᠢ ᠡᠷᠭᠡᠪᠰᠢ ᠤᠯᠤᠰ ᠲᠦᠷᠦ ᠶᠢᠨ ᠵᠤᠭᠰᠤᠴᠠ ᠪᠠᠨ ᠲᠠᠰᠤᠷᠠᠯᠳᠠ ᠦᠬᠡᠢ ᠲᠡᠭᠡᠭᠰᠢᠯᠡᠬᠦᠯᠵᠦ᠂ ᠨᠠᠮ ᠤᠨ ᠴᠢᠬᠤᠯᠠ  ᠶᠡᠭᠡ ᠰᠤᠷᠭᠠᠨ ᠬᠦᠮᠦᠵᠢᠯ ᠤᠨ ᠴᠢᠭᠯᠡᠯᠳᠡ ᠪᠠ  ᠦᠨᠳᠦᠰᠦᠳᠡᠨ ᠤ ᠲᠦᠷᠦ ᠎ ᠶᠢᠨ ᠪᠤᠳᠤᠯᠭ᠎ᠠ ᠶᠢ ᠭᠤᠶᠢᠪᠢᠰᠢ ᠦᠬᠡᠢ ᠨᠠᠶᠢᠳᠠᠪᠤᠷᠢᠵᠢᠭᠤᠯᠤᠨ᠂   ᠨᠡᠶᠢᠬᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ  ᠪᠠᠳᠤᠳᠬᠠᠵᠤ᠂ ᠦᠨᠳᠦᠰᠦᠳᠡᠨ ᠤ ᠰᠤᠶᠤᠯ  ᠎ ᠤᠨ ᠤᠯᠠᠮᠵᠢᠯᠠᠨ ᠬᠦᠭᠵᠢᠬᠦᠯᠬᠦ ᠠᠵᠢᠯ ᠢ ᠰᠠᠶᠢᠨ ᠬᠢᠵᠦ᠂   ᠮᠠᠨ ᠤ ᠬᠤᠰᠢᠭᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠬᠤ ᠳᠤ  ᠨᠡᠩ ᠢᠯᠡᠬᠦᠦ ᠬᠤᠪᠢ ᠨᠡᠮᠡᠷᠢ ᠦᠵᠡᠬᠦᠯᠬᠦ ᠭᠡᠷᠡᠭᠳᠡᠢ ᠭᠡᠵᠦ ᠴᠢᠬᠤᠯᠠᠴᠢᠯᠠᠪᠠ᠃        ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠎ ᠶᠢᠨ ᠲᠤᠪᠴᠢᠶ᠎ᠠ  ᠂ ᠤᠷᠤᠨ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ ᠤᠨ ᠠᠯᠪᠠᠨ ᠭᠡᠷ ᠵᠡᠷᠭᠡ  ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷ᠎ᠠ ᠪᠤᠯᠵᠤ ᠪᠠᠶᠢᠴᠠᠭᠠᠨ ᠰᠤᠳᠤᠯᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号