ᠪᠦᠬᠦ ᠠᠶᠢᠮᠠᠭ ᠤᠨ ︽ᠤᠯᠤᠰ ᠲᠦᠷᠦ ᠶᠢᠨ ᠵᠦᠪᠯᠡᠯᠬᠡᠨ ᠬᠤᠨᠳᠠᠭᠠᠳᠤ︾ ᠡᠬᠦᠳᠡᠨ ᠪᠦᠮᠪᠦᠭᠡ ᠶᠢᠨ ᠤᠷᠤᠯᠳᠤᠭᠠᠨ ᠲᠠᠶᠢᠹᠤᠰᠧ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2020/9/29
    9 ᠰᠠᠷ᠎ᠠ ᠶᠢᠨ 28᠎ ᠤ ᠡᠳᠦᠷ᠂   ᠰᠢᠯᠢ ᠶᠢᠨ ᠭᠤᠤᠯ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ  ᠎ ᠠᠴᠠ ᠭᠤᠤᠯᠯᠠᠨ ᠡᠷᠬᠢᠯᠡᠵᠦ᠂ ᠲᠠᠶᠢᠹᠤᠰᠧ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ  ᠎ ᠠᠴᠠ ᠬᠠᠷᠢᠭᠤᠴᠠᠨ ᠡᠷᠬᠢᠯᠡᠭᠰᠡᠨ ᠪᠦᠬᠦ ᠠᠶᠢᠮᠠᠭ ᠤᠨ 32 ᠳ᠋ᠤᠭᠠᠷ  ᠬᠤᠭᠤᠴᠠᠭᠠᠨ ᠤ ︽ᠤᠯᠤᠰ ᠲᠦᠷᠦ ᠶᠢᠨ ᠵᠦᠪᠯᠡᠯᠬᠡᠨ ᠬᠤᠨᠳᠠᠭᠠᠳᠤ ︾ ᠡᠬᠦᠳᠡᠨ ᠪᠦᠮᠪᠦᠭᠡ ᠶᠢᠨ ᠤᠷᠤᠯᠳᠤᠭᠠᠨ  ᠲᠠᠶᠢᠹᠤᠰᠧ ᠬᠤᠰᠢᠭᠤᠨ ᠳᠤ ᠡᠬᠢᠯᠡᠪᠡ᠃      ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠪᠠᠢ ᠯᠢ ᠰᠢᠶᠠ  ᠂  ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ  ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ  ᠨᠠᠷᠢᠨ ᠪᠢᠴᠢᠭ ᠤᠨ ᠲᠠᠷᠤᠭ᠎ᠠ ᠰᠦᠨ ᠵᠢᠶᠦ᠋ᠨ᠂  ᠲᠠᠶᠢᠹᠤᠰᠧ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠡᠤ ᠭᠧᠨ ᠸᠠ ᠡᠬᠢᠯᠡᠯᠳᠡ ᠶᠢᠨ ᠶᠤᠰᠤᠯᠠᠯ ᠳᠤ ᠤᠷᠤᠯᠴᠠᠵᠤ᠂ ᠲᠠᠶᠢᠹᠤᠰᠧ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ  ᠸᠠᠩ ᠵᠢᠶᠠᠨ ᠵᠢᠶᠦ᠋ᠨ ᠶᠤᠰᠤᠯᠠᠯ ᠢ ᠡᠷᠬᠢᠯᠡᠪᠡ᠃         ᠪᠤᠷᠤᠬᠦᠦ  ᠂ ᠰᠦᠨ ᠵᠢᠶᠦ᠋ᠨ  ᠨᠠᠷ ᠠᠴᠠ ᠪᠠᠶᠠᠷ ᠤᠨ ᠦᠬᠡ ᠬᠡᠯᠡᠵᠦ᠂  ᠲᠠᠮᠢᠷᠴᠢᠳ ᠤᠨ ᠲᠦᠯᠦᠭᠡᠯᠡᠭᠴᠢ ᠪᠠ ᠬᠢᠨᠠᠭᠴᠢᠳ ᠤᠨ ᠲᠦᠯᠦᠭᠡᠯᠡᠭᠴᠢ ᠠᠴᠠ ᠲᠠᠩᠭᠠᠷᠢᠭ ᠬᠢᠵᠦ᠂  ᠪᠠᠢ ᠯᠢ ᠰᠢᠶᠠ ᠤᠷᠤᠯᠳᠤᠭᠠᠨ ᠡᠬᠢᠯᠡᠬᠦ ᠶᠢ ᠵᠠᠷᠯᠠᠪᠠ᠃      ᠰᠢᠯᠢ ᠶᠢᠨ ᠭᠤᠤᠯ ᠠᠶᠢᠮᠠᠭ ᠤᠨ ︽ᠤᠯᠤᠰ ᠲᠦᠷᠦ ᠶᠢᠨ ᠵᠦᠪᠯᠡᠯᠬᠡᠨ ᠬᠤᠨᠳᠠᠭᠠᠳᠤ︾ ᠡᠬᠦᠳᠡᠨ ᠪᠦᠮᠪᠦᠭᠡ ᠎ ᠶᠢᠨ ᠤᠷᠤᠯᠳᠤᠭᠠᠨ  ᠪᠤᠯ ᠪᠦᠬᠦ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠰᠢᠰᠲ᠋ᠧᠮ ᠤᠨ ᠡᠬᠦᠳᠡᠨ ᠪᠦᠮᠪᠦᠭᠡ  ᠎ ᠶᠢᠨ ᠪᠠᠭ᠋ᠠᠳᠠᠳ  ᠎ ᠤᠨ ᠪᠦᠮᠪᠦᠬᠡᠨ ᠮᠡᠷᠭᠡᠵᠢᠯ ᠢᠶᠠᠨ ᠮᠦᠷᠦᠶᠢᠴᠡᠵᠦ ᠰᠤᠯᠢᠯᠴᠠᠬᠤ ᠲᠠᠪᠴᠠᠩ ᠪᠤᠯᠬᠤ ᠪᠠᠷ ᠪᠠᠷᠠᠬᠤ ᠦᠬᠡᠢ᠂  ᠡᠯ᠎ᠡ ᠭᠠᠵᠠᠷ ᠤᠨ ᠤᠯᠤᠰ ᠲᠦᠷᠦ ᠶᠢᠨ ᠵᠦᠪᠯᠡᠯᠬᠡᠨ ᠤ  ᠬᠠᠷᠢᠯᠴᠠᠭ᠎ᠠ ᠪᠠᠨ ᠴᠢᠩᠭᠠᠳᠬᠠᠵᠤ᠂  ᠰᠤᠯᠢᠯᠴᠠᠭ᠎ᠠ ᠪᠠᠨ ᠠᠬᠢᠭᠤᠯᠬᠤ ᠬᠦᠬᠦᠷᠭᠡ  ᠪᠤᠯᠤᠭᠰᠠᠨ ᠪᠠᠶᠢᠳᠠᠭ᠃ ᠡᠨᠡ ᠤᠳᠠᠭ᠎ᠠ ᠶᠢᠨ ᠤᠷᠤᠯᠳᠤᠭᠠᠨ ᠳᠤ  ᠪᠦᠬᠦ ᠠᠶᠢᠮᠠᠭ ᠤᠨ  ᠡᠯ᠎ᠡ  ᠬᠤᠰᠢᠭᠤ ᠰᠢᠶᠠᠨ ᠬᠤᠳᠠ  ᠎ ᠠᠴᠠ ᠬᠦᠷᠦᠯᠴᠡᠨ ᠢᠷᠡᠭᠰᠡᠨ 16 ᠠᠩᠬᠢ ᠨᠢᠬᠡᠴᠡ  ᠎ ᠶᠢᠨ ᠲᠠᠮᠢᠷᠴᠢᠳ ᠬᠤᠶᠠᠷ ᠡᠳᠦᠷ ᠤᠨ  ᠬᠤᠭᠤᠴᠠᠭ᠎ᠠ ᠲᠠᠢ  ᠤᠷᠤᠯᠳᠤᠭᠠᠨ ᠲᠡᠮᠡᠴᠡᠭᠡᠨ ᠳᠤ ᠤᠷᠤᠯᠴᠠᠬᠤ ᠪᠠᠷ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号