ᠬᠤᠩ ᠵᠢᠩ ᠶᠤᠸᠠᠨ ᠺᠤᠮᠫᠠᠨᠢ  ︽  ᠨᠤᠳᠤᠭ ᠤᠷᠤᠨ ᠤ ᠪᠠᠨ ᠬᠢᠵᠢᠭ  ᠲᠠᠢ ᠲᠡᠮᠡᠴᠡᠬᠦ ᠠᠵᠢᠯ ᠳᠤ ᠲᠤᠪᠤᠶᠢᠮ᠎ᠠ ᠵᠢᠳᠬᠦᠯ ᠭᠠᠷᠭᠠᠭᠰᠠᠨ ᠨᠢᠬᠡᠴᠡ︾  ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2021/1/3
  2020 ᠤᠨ ᠤ 12 ᠰᠠᠷ᠎ᠠ   ᠶᠢᠨ ᠡᠴᠦᠰ ᠢᠶᠠᠷ᠂ ᠰᠢᠯᠢ ᠶᠢᠨ ᠭᠤᠤᠯ ᠠᠶᠢᠮᠠᠭ ᠤᠨ  ᠪᠡᠭᠡᠵᠢᠩ ᠳᠤ ᠰᠠᠭᠤᠭ᠎ᠠ  ᠴᠢᠳᠠᠪᠤᠷᠢᠳᠠᠨ ᠤ ᠰᠤᠯᠢᠯᠴᠠᠭᠠᠨ ᠤ ᠠᠵᠢᠯᠯᠠᠭ᠎ᠠ ᠵᠢᠴᠢ 2020 ᠤᠨ ᠤ ᠪᠡᠭᠡᠵᠢᠩ ᠰᠢᠯᠢ ᠶᠢᠨ ᠭᠤᠤᠯ ᠤᠨ ᠠᠷᠠᠯᠵᠢᠶᠠᠴᠢᠳ ᠤᠨ ᠨᠡᠶᠢᠬᠡᠮᠯᠢᠭ ᠤᠨ ᠤᠨ ᠤ ᠬᠤᠷᠠᠯ  ᠪᠡᠭᠡᠵᠢᠩ ᠳᠤ  ᠶᠠᠪᠤᠭᠳᠠᠵᠠᠢ᠃  ᠬᠤᠷᠠᠯ ᠲᠡᠭᠡᠷ᠎ᠡ᠂  ᠠᠷᠠᠯᠵᠢᠶᠠᠴᠢᠳ ᠤᠨ ᠨᠡᠶᠢᠬᠡᠮᠯᠢᠭ   ᠠᠴᠠ  ᠵᠢᠱᠢᠶᠡᠴᠢ ᠰᠠᠶᠢᠴᠤᠤᠯ ᠢᠶᠠᠨ ᠰᠠᠶᠢᠰᠢᠶᠠᠨ ᠬᠦᠬᠢᠬᠦᠯᠬᠦ ᠳᠤ ᠰᠢᠯᠢ ᠶᠢᠨ ᠭᠤᠤᠯ ᠠᠶᠢᠮᠠᠭ ᠤᠨ  ᠬᠤᠩ ᠵᠢᠩ ᠶᠤᠸᠠᠨ ᠢᠳᠡᠰᠢᠨ ᠲᠤᠰᠤᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ  ︽ ᠨᠤᠳᠤᠭ ᠤᠷᠤᠨ ᠤ ᠪᠠᠨ ᠬᠢᠵᠢᠭ   ᠲᠠᠢ ᠲᠡᠮᠡᠴᠡᠬᠦ ᠠᠵᠢᠯ ᠳᠤ ᠲᠤᠪᠤᠶᠢᠮ᠎ᠠ ᠵᠢᠳᠬᠦᠯ ᠭᠠᠷᠭᠠᠭᠰᠠᠨ ᠨᠢᠬᠡᠴᠡ︾   ᠶᠢᠨ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃      2020 ᠤᠨ ᠤ ᠡᠬᠢᠨ ᠳᠤ᠂  ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠪᠦᠬᠦ ᠤᠯᠤᠰ ᠢ  ᠬᠠᠮᠤᠷᠤᠭᠰᠠᠨ ᠬᠦᠨᠳᠦ ᠭᠡᠴᠡᠬᠦᠦ ᠴᠠᠭ  ᠦᠶ᠎ᠡ ᠳᠤ᠂   ᠬᠤᠩ ᠵᠢᠩ ᠶᠤᠸᠠᠨ  ᠺᠤᠮᠫᠠᠨᠢ ᠶᠢᠨ  ᠬᠢᠨ ᠬᠢᠵᠢᠭ ᠤᠨ ᠪᠠᠶᠢᠳᠠᠯ ᠢ  ᠴᠠᠭ ᠢᠮᠠᠭᠳᠠ ᠠᠩᠬᠠᠷᠤᠨ ᠬᠠᠯᠠᠮᠵᠢᠯᠠᠵᠤ᠂   ᠤᠯᠤᠰ ᠤᠨ ᠤᠷᠢᠶᠠᠯᠠᠭ᠎ᠠ ᠶᠢ  ᠲᠠᠭᠠᠵᠤ᠂  ᠬᠢᠵᠢᠭ ᠰᠡᠷᠭᠡᠶᠢᠯᠡᠬᠦ ᠠᠵᠢᠯ ᠳᠤ ᠬᠦᠴᠦᠨ ᠴᠢᠳᠠᠯ ᠢᠶᠠᠨ  ᠡᠷᠬᠦᠭᠰᠡᠨ ᠪᠠᠶᠢᠨ᠎ᠠ᠃  ᠠᠵᠤ ᠠᠬᠤᠶᠢᠯᠠᠯ  ᠤᠨ ᠢᠶᠠᠨ  ᠰᠡᠷᠭᠡᠶᠢᠯᠡᠯᠳᠡ ᠬᠠᠮᠠᠭᠠᠯᠠᠯᠳᠠ ᠶᠢ ᠰᠠᠶᠢᠨ ᠬᠢᠬᠦ ᠶᠢᠨ ᠲᠠᠭᠠᠤ᠂  ᠬᠢᠵᠢᠭ ᠰᠡᠷᠭᠡᠶᠢᠯᠡᠬᠦ ᠳᠤ  ᠪᠠᠴᠢᠮ ᠭᠡᠷᠡᠭᠰᠡᠬᠦ ᠡᠳ᠋ ᠪᠤᠳᠠᠰ ᠢ  ᠴᠤᠭᠯᠠᠭᠤᠯᠤᠨ᠂   ︽ᠲᠠᠯᠠᠢ ᠳᠤ ᠲᠤᠰᠤᠯ ᠨᠡᠮᠡᠷᠢᠯᠡᠬᠦ  ︾ ᠵᠤᠷᠢᠭ ᠰᠠᠨᠠᠭ᠎ᠠ ᠪᠠᠷ  ᠲᠠᠶᠢᠹᠤᠰᠧ ᠬᠤᠰᠢᠭᠤᠨ ᠤ ᠪᠠᠨ ᠬᠢᠵᠢᠭ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠲᠡᠮᠵᠢᠵᠦ᠂  ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠢᠶᠠᠨ ᠡᠬᠦᠷᠭᠡ ᠬᠠᠷᠢᠭᠤᠴᠠᠯᠭ᠎ᠠ ᠶᠢ ᠬᠦᠢᠴᠡᠳᠭᠡᠵᠡᠢ  ᠃      ᠬᠤᠩ ᠵᠢᠩ ᠶᠤᠸᠠᠨ  ᠺᠤᠮᠫᠠᠨᠢ ᠨᠢ  ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ  ᠲᠠᠷᠢᠶᠠᠯᠠᠩ ᠮᠠᠯ ᠠᠵᠤ ᠠᠬᠤᠢ   ᠶᠢ ᠠᠵᠤ ᠦᠢᠯᠡᠰᠵᠢᠬᠦᠯᠬᠦ ᠭᠤᠤᠯᠳᠠᠯᠭ᠎ᠠ ᠲᠠᠢ ᠲᠤᠯᠤᠭᠠᠶᠢᠯᠠᠭᠴᠢ ᠠᠵᠤ ᠠᠬᠤᠶᠢᠯᠠᠯ ᠪᠤᠯᠤᠭᠰᠠᠨ ᠬᠤᠪᠢ ᠳᠤ᠂   ᠡᠶᠢᠨ ᠬᠦ᠋  ᠨᠡᠶᠢᠬᠡᠮ ᠤᠨ ᠬᠠᠷᠢᠭᠤᠴᠠᠯᠭ᠎ᠠ   ᠶᠢ  ᠢᠳᠡᠪᠬᠢᠳᠡᠢ  ᠡᠬᠦᠷᠭᠡᠯᠡᠨ᠂  ᠬᠢᠵᠢᠭ ᠰᠡᠷᠭᠡᠶᠢᠯᠡᠬᠦ ᠠᠵᠢᠯ ᠳᠤ  ᠢᠳᠡᠪᠬᠢᠯᠡᠨ ᠤᠷᠤᠯᠴᠠᠬᠤ ᠶᠢᠨ ᠲᠠᠭᠠᠤ᠂   ᠴᠢᠨᠠᠷᠯᠢᠭ ᠪᠦᠳᠦᠭᠡᠭᠳᠡᠬᠦᠨ᠂ ᠰᠢᠯᠢᠳᠡᠭ ᠦᠢᠯᠡᠴᠢᠯᠡᠭᠡ ᠪᠠᠷ  ᠢᠶᠠᠨ ᠭᠡᠷᠡᠭᠯᠡᠭᠴᠢᠳ ᠤᠨ ᠮᠠᠭᠳᠠᠭᠠᠯ ᠲᠠᠭᠠᠰᠢᠶᠠᠯ ᠢ  ᠤᠯᠤᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号