ᠭᠠᠴᠠᠭ᠎ᠠ ᠲᠤᠰᠬᠤᠨ ᠤ ᠬᠤᠭᠤᠴᠠᠭ᠎ᠠ ᠰᠤᠯᠢᠬᠤ ᠠᠵᠢᠯ ᠳᠤ ᠴᠢᠩᠭ᠎ᠠ ᠬᠢᠨᠠᠯᠳᠠ ᠲᠠᠯᠪᠢᠵᠤ᠂ ᠠᠷᠢᠭᠤᠨ | ᠴᠢᠭᠡᠴᠢ ᠲᠦᠪ ᠭᠤᠤᠯᠴᠢ ᠬᠤᠭᠤᠴᠠᠭ᠎ᠠ ᠰᠤᠯᠢᠬᠤ ᠤᠷᠴᠢᠨ ᠲᠤᠭᠤᠷᠢᠨ ᠢ ᠡᠬᠦᠳᠬᠦ ᠶᠢᠨ ᠲᠦᠯᠦᠬᠡ᠂ ᠲᠠᠶᠢᠹᠤᠰᠧ | ᠬᠤᠰᠢᠭᠤ ᠦᠵᠡᠯ ᠰᠠᠨᠠᠭᠠᠨ ᠤ ᠵᠢᠯᠤᠭᠤᠳᠤᠯᠭ᠎ᠠ ᠶᠢ ᠰᠠᠶᠢᠨ ᠬᠢᠬᠦ᠂ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ | ᠪᠤᠢ ᠪᠤᠯᠭᠠᠬᠤ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠬᠤ᠂ ᠬᠢᠨᠠᠯᠳᠠ ᠲᠠᠯᠪᠢᠬᠤ | ᠠᠷᠭ᠎ᠠ ᠵᠠᠮ ᠢ ᠰᠠᠭᠠᠳ ᠦᠬᠡᠢ ᠨᠡᠪᠳᠡᠷᠡᠬᠦᠯᠬᠦ ᠠᠴᠠ ᠭᠠᠷᠳᠠᠵᠤ᠂ ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ | ᠪᠠᠳᠤ ᠶᠢ ᠴᠢᠩᠭᠠᠳᠬᠠᠬᠤ ︽ᠦᠨᠳᠦᠷ ᠲᠠᠷᠤᠯᠳᠠᠳᠤ ᠱᠤᠭᠤᠮ︾ ᠢ ᠪᠠᠶᠢᠭᠤᠯᠵᠤ ᠪᠠᠶᠢᠨ᠎ᠠ᠃ | ᠲᠤᠰ ᠬᠤᠰᠢᠭᠤ ᠨᠢ ᠬᠤᠰᠢᠭᠤᠨ ᠤ ᠤᠳᠤᠷᠢᠳᠤᠯᠭ᠎ᠠ ᠨᠠᠷ ᠰᠤᠮᠤ ᠰᠢᠶᠠᠩ ᠪᠠᠯᠭᠠᠰᠤ ᠶᠢ ᠲᠠᠭᠠᠭᠠᠴᠢᠯᠠᠬᠤ᠂ | ᠰᠤᠮᠤ ᠰᠢᠶᠠᠩ ᠪᠠᠯᠭᠠᠰᠤᠨ ᠤ ᠤᠳᠤᠷᠢᠳᠤᠯᠭ᠎ᠠ ᠭᠠᠴᠠᠭ᠎ᠠ ᠲᠤᠰᠬᠤᠨ ᠢ ᠲᠠᠭᠠᠭᠠᠴᠢᠯᠠᠵᠤ ᠠᠶᠢᠯ ᠡᠷᠦᠬᠡ ᠲᠠᠢ | ᠬᠠᠷᠢᠴᠠᠬᠤ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠠᠷᠢᠶ᠎ᠠ ᠤᠷᠤᠨ ᠤ ᠪᠠᠨ ᠭᠠᠴᠠᠭ᠎ᠠ ᠲᠤᠰᠬᠤᠨ | ᠳᠤ ᠵᠠᠬ᠎ᠠ ᠲᠠᠷᠠᠭᠠᠯᠠᠨ ᠪᠠᠶᠢᠴᠠᠭᠠᠨ ᠰᠤᠳᠤᠯᠤᠯᠳᠠ ᠬᠢᠵᠦ᠂ ︽ᠭᠠᠭᠴᠠᠭᠠᠡ ᠡᠬᠦᠷᠭᠡᠯᠡᠬᠦ︾ ᠬᠦᠮᠦᠨ ᠤ ᠨᠡᠷᠡᠰ ᠢ | ᠲᠤᠳᠤᠷ᠎ᠠ ᠪᠠᠨ ᠲᠤᠭ᠎ᠠ ᠲᠠᠢ ᠪᠠᠶᠢᠬᠤ᠂ ᠭᠤᠤᠯᠳᠠᠯᠭ᠎ᠠ ᠲᠠᠢ ᠲᠦᠪᠡᠭ ᠲᠠᠢ ᠭᠠᠴᠠᠭ᠎ᠠ ᠲᠤᠰᠬᠤᠨ᠂ ᠨᠡᠶᠢᠬᠡᠮ | ᠲᠤᠭᠤᠷᠢᠭ ᠢ ᠲᠤᠳᠤᠷ᠎ᠠ ᠪᠠᠨ ᠲᠤᠭ᠎ᠠ ᠲᠠᠢ ᠪᠠᠶᠢᠬᠤ᠂ ᠬᠤᠭᠤᠴᠠᠭ᠎ᠠ ᠰᠤᠯᠢᠬᠤ ᠠᠵᠢᠯ ᠳᠤ ᠬᠠᠷᠰᠢ ᠪᠤᠯᠬᠤ | ᠲᠤᠪᠤᠶᠢᠮ᠎ᠠ ᠠᠰᠠᠭᠤᠳᠠᠯ ᠢ ᠲᠤᠳᠤᠷ᠎ᠠ ᠪᠠᠨ ᠲᠤᠭ᠎ᠠ ᠲᠠᠢ ᠪᠠᠶᠢᠬᠤ ᠶᠢ ᠪᠠᠳᠤᠯᠠᠨ᠂ ᠰᠤᠮᠤ ᠰᠢᠶᠠᠩ ᠪᠠᠯᠭᠠᠰᠤᠨ | ᠤ ᠨᠠᠮ ᠤᠨ ᠬᠤᠷᠢᠶ᠎ᠠ ᠨᠢ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠭᠡᠰᠢᠬᠦᠳ ᠲᠠᠢ ᠰᠠᠨᠠᠯ ᠪᠤᠳᠤᠯ | ᠢᠶᠠᠨ ᠲᠡᠯᠬᠡᠨ ᠰᠤᠯᠢᠯᠴᠠᠵᠤ᠂ ᠨᠠᠮ ᠤᠨ ᠡᠬᠦᠷ ᠤᠨ ᠱᠦᠵᠢ ᠪᠠ ᠭᠠᠴᠠᠭ᠎ᠠ ᠲᠤᠰᠬᠤᠨ ᠤ ᠲᠠᠷᠤᠭ᠎ᠠ ᠲᠠᠢ ᠨᠢᠬᠡ | ᠨᠢᠬᠡ ᠪᠠᠷ ︽ ᠨᠢᠭᠤᠷᠳᠠᠨ ᠶᠠᠷᠢᠯᠴᠠᠵᠤ︾ ᠂ ᠲᠡᠳᠡᠨ ᠳᠤ ᠬᠤᠭᠤᠴᠠᠭ᠎ᠠ ᠰᠤᠯᠢᠬᠤ ᠠᠵᠢᠯ ᠤᠨ ᠬᠠᠨᠳᠤᠰᠢ ᠶᠢ | ᠵᠦᠪ ᠲᠠᠨᠢᠭᠤᠯᠤᠨ᠂ ᠰᠠᠬᠢᠯᠭ᠎ᠠ ᠲᠦᠷᠢᠮ ᠢ ᠴᠢᠩᠭ᠎ᠠ ᠵᠢᠷᠤᠮᠯᠠᠬᠤ ᠶᠢ ᠰᠠᠨᠠᠭᠤᠯᠵᠤ ᠱᠠᠭᠠᠷᠳᠠᠵᠠᠢ᠃ | ᠠᠯᠤᠰ ᠡᠵᠡᠮᠰᠢᠯᠳᠦ ᠰᠤᠷᠭᠠᠨ ᠬᠦᠮᠦᠵᠢᠯ ᠤᠨ ᠲᠠᠪᠴᠠᠩ ᠂ ᠭᠠᠴᠠᠭᠠᠨ ᠤ ᠶᠠᠪᠤᠳᠠᠯ ᠢ ᠢᠯᠡ ᠪᠤᠯᠭᠠᠬᠤ | ᠰᠠᠮᠪᠠᠷ᠎ᠠ ᠂ ᠸᠢᠴᠠᠲ ᠬᠤᠯᠪᠤᠭ᠎ᠠ ᠵᠡᠷᠭᠡ ᠶᠢ ᠠᠰᠢᠭᠯᠠᠨ᠂ ︽ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ | ᠶᠢᠨ ᠠᠵᠢᠯ ᠤᠨ ᠲᠦᠷᠢᠮ︾᠂ ︽ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠰᠤᠩᠭᠤᠭᠤᠯᠢ ᠶᠢᠨ | ᠠᠵᠢᠯ ᠤᠨ ᠲᠦᠷᠢᠮ︾ ᠵᠡᠷᠭᠡ ᠬᠠᠤᠯᠢ ᠲᠦᠷᠢᠮ ᠢ ᠦᠷᠭᠡᠨ ᠢᠶᠠᠷ ᠤᠬᠠᠭᠤᠯᠵᠤ᠂ ︽ᠪᠦᠬᠦ ᠬᠤᠰᠢᠭᠤᠨ ᠤ | ᠭᠠᠴᠠᠭ᠎ᠠ ᠲᠤᠰᠬᠤᠨ ᠤ ᠨᠠᠮ ᠤᠨ ᠭᠡᠰᠢᠬᠦᠨ᠂ ᠤᠯᠠᠨ ᠲᠦᠮᠡᠨ ᠳᠤ ᠦᠭᠬᠦ ᠨᠢᠬᠡᠨ ᠬᠤᠪᠢ ᠵᠠᠬᠢᠳᠠᠯ︾ ᠢ ᠮᠤᠩᠭᠤᠯ | ᠬᠢᠳᠠᠳ ᠬᠤᠤᠰ ᠬᠡᠯᠡ ᠪᠠᠷ ᠤᠩᠰᠢᠨ ᠨᠡᠪᠳᠡᠷᠡᠬᠦᠯᠵᠦ᠂ ︽ᠭᠠᠭᠴᠠᠭᠠᠷ ᠡᠬᠦᠷᠭᠡᠯᠡᠬᠦ ᠲᠤᠬᠠᠢ ᠲᠠᠶᠢᠯᠤᠮᠵᠢ︾᠂ ︽ | ᠬᠤᠭᠤᠴᠠᠭ᠎ᠠ ᠰᠤᠯᠢᠬᠤ ᠠᠵᠢᠯ ᠤᠨ ᠰᠡᠷᠡᠮᠵᠢᠯᠡᠬᠦᠯᠬᠦ ᠬᠦᠮᠦᠵᠢᠯ ᠤᠨ ᠦᠯᠢᠬᠡᠷ ᠵᠢᠱᠢᠶᠡᠨ ᠤ ᠰᠤᠩᠭᠤᠮᠠᠯ︾᠂ ︽ | ᠬᠤᠭᠤᠴᠠᠭ᠎ᠠ ᠰᠤᠯᠢᠬᠤ ᠰᠤᠩᠭᠤᠭᠤᠯᠢ ᠶᠢᠨ ᠰᠠᠬᠢᠯᠭ᠎ᠠ ᠪᠠᠳᠤ ᠶᠢᠨ ᠤᠬᠠᠭᠤᠯᠭ᠎ᠠ ᠶᠢᠨ ᠲᠡᠪᠳᠡᠷ︾ ᠵᠡᠷᠭᠡ ᠶᠢ 4 | ᠲᠦᠮᠡ ᠢᠯᠡᠬᠦᠦ ᠬᠤᠪᠢ ᠬᠡᠪᠯᠡᠬᠦᠯᠦᠨ ᠲᠠᠷᠬᠠᠭᠠᠭᠰᠠᠨ ᠪᠦᠬᠡᠳ ᠰᠤᠮᠤ ᠭᠠᠴᠠᠭᠠᠨ ᠤ ᠺᠠᠳ᠋ᠷ ᠠᠵᠢᠯᠳᠠᠳ ᠡᠷᠦᠬᠡ | ᠲᠤᠭᠤᠷᠢᠨ ᠤᠬᠠᠭᠤᠯᠭ᠎ᠠ ᠶᠢᠨ ᠠᠵᠢᠯ ᠬᠢᠵᠦ᠂ ᠦᠷᠭᠡᠨ ᠤᠯᠠᠨ ᠨᠡᠮ ᠤᠨ ᠭᠡᠰᠢᠬᠦᠨ᠂ ᠺᠠᠳ᠋ᠷ᠂ ᠤᠯᠠᠨ ᠲᠦᠮᠡᠨ ᠢ | ᠵᠢᠯᠤᠭᠤᠳᠤᠨ ︽ ᠠᠷᠪᠠ ᠶᠢ ᠴᠡᠭᠡᠷᠯᠡᠬᠦ︾᠂ ︽ᠠᠷᠪᠠ ᠶᠢ ᠦᠯᠦ ᠵᠦᠪᠰᠢᠶᠡᠷᠡᠬᠦ︾ ᠱᠠᠭᠠᠷᠳᠠᠯᠭ᠎ᠠ ᠪᠠᠷ | ᠰᠠᠬᠢᠯᠭ᠎ᠠ ᠪᠠᠳᠤ ᠶᠢᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ ᠪᠠᠶᠢᠨ᠎ᠠ᠃ | ᠲᠤᠰ ᠬᠤᠰᠢᠭᠤ ᠨᠢ ᠬᠤᠭᠤᠴᠠᠭ᠎ᠠ ᠰᠤᠯᠢᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠲᠡᠭᠡᠨ | ᠶᠡᠷᠦᠩᠬᠡᠶᠢᠯᠡᠨ ᠵᠤᠬᠢᠴᠠᠭᠤᠯᠬᠤ ᠲᠤᠭᠤᠶᠢᠯᠠᠩ᠂ ᠤᠬᠠᠭᠤᠯᠤᠨ ᠵᠢᠯᠤᠭᠤᠳᠬᠤ ᠲᠤᠭᠤᠶᠢᠯᠠᠩ᠂ ᠰᠠᠬᠢᠯᠭ᠎ᠠ | ᠲᠦᠷᠢᠮ ᠢ ᠴᠢᠩᠭᠠᠳᠬᠠᠵᠤ ᠬᠡᠪ ᠰᠤᠷᠳᠠᠯ ᠢ ᠴᠡᠭᠴᠡᠯᠡᠬᠦ ᠲᠤᠭᠤᠶᠢᠯᠠᠩ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠤᠭᠤᠶᠢᠯᠠᠩ ᠭᠡᠵᠦ ᠲᠦᠷᠪᠡᠨ ᠠᠵᠢᠯᠯᠠᠬᠤ ᠲᠤᠭᠤᠶᠢᠯᠠᠩ ᠲᠤᠬᠢᠷᠠᠭᠤᠯᠵᠤ᠂ ᠡᠯ᠎ᠡ ᠠᠵᠢᠯᠯᠠᠬᠤ | ᠲᠤᠭᠤᠶᠢᠯᠠᠩ ᠨᠢ ᠦᠪᠡᠷ ᠦᠪᠡᠷ ᠤᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ ᠪᠠᠶᠢᠨ᠎ᠠ᠃ ᠪᠠᠰᠠ ︽ | ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠵᠤ ᠬᠠᠷᠢᠭᠤᠴᠠᠯᠭ᠎ᠠ ᠨᠡᠬᠡᠮᠵᠢᠯᠡᠬᠦ ᠲᠤᠬᠠᠢ | ᠮᠡᠳᠡᠭᠳᠡᠯ︾ ᠢ ᠪᠠᠭᠤᠯᠭᠠᠨ᠂ ᠰᠠᠬᠢᠯᠭ᠎ᠠ ᠪᠠᠳᠤ ᠶᠢ ᠴᠢᠩᠭᠠᠳᠬᠠᠬᠤ᠂ ᠰᠤᠷᠭᠠᠨ ᠬᠦᠮᠦᠵᠢᠯ ᠢ ᠴᠢᠩᠭᠠᠳᠬᠠᠬᠤ᠂ | ᠬᠢᠨᠠᠯᠳᠠ ᠲᠠᠯᠪᠢᠬᠤ ᠶᠢ ᠴᠢᠩᠭᠠᠳᠬᠠᠬᠤ᠂ ᠲᠦᠷᠢᠮ ᠤᠨ ᠭᠡᠷᠡᠭᠵᠢᠬᠦᠯᠦᠯᠳᠡ ᠶᠢ ᠴᠢᠩᠭᠠᠳᠬᠠᠬᠤ ᠵᠡᠷᠭᠡ ᠲᠦᠷᠪᠡᠨ | ᠲᠠᠯ᠎ᠠ ᠠᠴᠠ ᠬᠤᠭᠤᠴᠠᠭ᠎ᠠ ᠰᠤᠯᠢᠬᠤ ᠠᠵᠢᠯ ᠤᠨ ᠬᠠᠤᠯᠢ ᠶᠤᠰᠤᠭᠠᠷ ᠡᠮᠬᠢ ᠲᠢᠭᠯᠡᠮ ᠲᠠᠢ ᠶᠠᠪᠤᠭᠳᠠᠬᠤ ᠶᠢ | ᠪᠠᠳᠤᠯᠠᠵᠤ᠂ ᠠᠷᠢᠭᠤᠨ ᠴᠢᠭᠡᠴᠢ ᠲᠦᠪ ᠭᠤᠤᠯᠴᠢ ᠬᠤᠭᠤᠴᠠᠭ᠎ᠠ ᠰᠤᠯᠢᠬᠤ ᠠᠵᠢᠯ ᠤᠨ ᠤᠷᠴᠢᠨ ᠲᠤᠭᠤᠷᠢᠨ ᠢ | ᠡᠬᠦᠳᠬᠦ ᠪᠠᠷ ᠴᠢᠷᠮᠠᠶᠢᠵᠤ ᠪᠠᠶᠢᠨ᠎ᠠ᠃ | ᠬᠢᠨᠠᠯᠳᠠ ᠲᠠᠯᠪᠢᠬᠤ ᠤᠳᠠᠰᠤ᠂ ᠵᠠᠬᠢᠳᠠᠯ ᠰᠤᠷᠪᠤᠯᠵᠢᠯᠠᠭ᠎ᠠ᠂ ᠲᠤᠤᠷ ᠰᠦᠯᠵᠢᠶ᠎ᠡ ︽ᠭᠤᠷᠪᠠ ᠶᠢ ᠨᠢᠬᠡ | ᠴᠤᠭᠴᠠᠵᠢᠭᠤᠯᠤᠭᠰᠠᠨ︾ ᠢᠯᠡᠴᠢᠯᠡᠨ ᠮᠡᠳᠡᠬᠦᠯᠬᠦ ᠲᠠᠪᠴᠠᠩ ᠢ ᠠᠰᠢᠭᠯᠠᠵᠤ᠂ ᠬᠤᠭᠤᠴᠠᠭ᠎ᠠ ᠰᠤᠯᠢᠬᠤ ᠠᠵᠢᠯ ᠤᠨ | ᠰᠠᠬᠢᠯᠭ᠎ᠠ ᠲᠦᠷᠢᠮ ᠢ ᠵᠦᠷᠢᠴᠡᠭᠰᠡᠨ ᠠᠰᠠᠭᠤᠳᠠᠯ ᠤᠨ ᠲᠤᠬᠠᠢ ᠢᠯᠡᠴᠢᠯᠡᠯᠳᠡ ᠶᠢ ᠴᠠᠭ ᠲᠤᠬᠠᠢ ᠳᠤᠨᠢ ᠬᠦᠯᠢᠶᠡᠨ | ᠠᠪᠴᠤ ᠰᠢᠢᠳᠪᠦᠷᠢᠯᠡᠨ᠂ ᠪᠦᠬᠦ ᠬᠤᠰᠢᠭᠤᠨ ᠤ ᠬᠤᠭᠤᠴᠠᠭ᠎ᠠ ᠰᠤᠯᠢᠬᠤ ᠠᠵᠢᠯ ᠤᠨ ᠪᠠᠶᠢᠳᠠᠯ ᠢ ᠪᠠᠶᠢᠴᠠᠭᠠᠨ | ᠤᠶᠢᠯᠠᠭᠠᠬᠤ ᠶᠢᠨ ᠬᠠᠮᠳᠤ᠂ ᠰᠠᠬᠢᠯᠭ᠎ᠠ ᠲᠦᠷᠢᠮ ᠢ ᠴᠢᠩᠭᠠᠳᠬᠠᠵᠤ ᠬᠡᠪ ᠰᠤᠷᠳᠠᠯ ᠢ ᠴᠡᠭᠴᠡᠯᠡᠬᠦ ᠲᠤᠭᠤᠶᠢᠯᠠᠩ | ᠠᠴᠠ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠳᠤ ᠬᠢᠨᠠᠯᠳᠠ | ᠲᠠᠯᠪᠢᠵᠤ ᠪᠠᠶᠢᠴᠠᠭᠠᠯᠳᠠ ᠬᠢᠬᠦ ᠪᠠᠨ ᠴᠢᠩᠭᠠᠳᠬᠠᠵᠤ᠂ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ | ᠭᠡᠯᠳᠡᠰ᠂ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠲᠠᠢ ᠬᠠᠮᠳᠤᠷᠠᠨ ᠭᠠᠴᠠᠭ᠎ᠠ ᠲᠤᠰᠬᠤᠨ ᠤ ᠨᠠᠮ | ᠤᠨ ᠡᠬᠦᠷ ᠪᠠ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠲᠤᠮᠳᠠᠬᠢ ᠰᠠᠬᠢᠯᠭ᠎ᠠ ᠲᠦᠷᠢᠮ | ᠵᠦᠷᠢᠴᠡᠭᠰᠡᠨ ᠠᠵᠢᠯᠯᠠᠭ᠎ᠠ ᠶᠢ ᠲᠦᠪ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠵᠦ ᠂ ᠨᠠᠮ ᠤᠨ ᠭᠡᠰᠢᠬᠦᠨ ᠂ ᠤᠯᠠᠨ | ᠲᠦᠮᠡᠨ ᠤ ᠠᠷᠠᠳᠴᠢᠯᠠᠯ ᠤᠨ ᠡᠷᠭᠡ ᠶᠢ ᠬᠠᠮᠠᠭᠠᠯᠠᠨ᠂ ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ ᠶᠢ | ᠴᠢᠩᠭᠠᠳᠬᠠᠬᠤ ︽ᠦᠨᠳᠦᠷ ᠲᠠᠷᠤᠯᠳᠠᠳᠤ ᠱᠤᠭᠤᠮ︾ ᠢ ᠪᠠᠶᠢᠭᠤᠯᠵᠤ ᠪᠠᠶᠢᠨ᠎ᠠ᠃ |