ᠲᠠᠶᠢᠹᠤᠰᠧ ᠬᠤᠰᠢᠭᠤ  ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2021/1/4
   ᠭᠠᠴᠠᠭ᠎ᠠ ᠲᠤᠰᠬᠤᠨ ᠤ ᠬᠤᠭᠤᠴᠠᠭ᠎ᠠ ᠰᠤᠯᠢᠬᠤ ᠠᠵᠢᠯ ᠳᠤ  ᠴᠢᠩᠭ᠎ᠠ ᠬᠢᠨᠠᠯᠳᠠ ᠲᠠᠯᠪᠢᠵᠤ᠂   ᠠᠷᠢᠭᠤᠨ ᠴᠢᠭᠡᠴᠢ ᠲᠦᠪ ᠭᠤᠤᠯᠴᠢ ᠬᠤᠭᠤᠴᠠᠭ᠎ᠠ ᠰᠤᠯᠢᠬᠤ ᠤᠷᠴᠢᠨ  ᠲᠤᠭᠤᠷᠢᠨ ᠢ ᠡᠬᠦᠳᠬᠦ   ᠶᠢᠨ ᠲᠦᠯᠦᠬᠡ᠂ ᠲᠠᠶᠢᠹᠤᠰᠧ ᠬᠤᠰᠢᠭᠤ  ᠦᠵᠡᠯ ᠰᠠᠨᠠᠭᠠᠨ ᠤ ᠵᠢᠯᠤᠭᠤᠳᠤᠯᠭ᠎ᠠ ᠶᠢ ᠰᠠᠶᠢᠨ ᠬᠢᠬᠦ᠂   ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ  ᠪᠤᠢ ᠪᠤᠯᠭᠠᠬᠤ᠂   ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠬᠤ᠂  ᠬᠢᠨᠠᠯᠳᠠ ᠲᠠᠯᠪᠢᠬᠤ ᠠᠷᠭ᠎ᠠ ᠵᠠᠮ ᠢ ᠰᠠᠭᠠᠳ ᠦᠬᠡᠢ ᠨᠡᠪᠳᠡᠷᠡᠬᠦᠯᠬᠦ   ᠠᠴᠠ ᠭᠠᠷᠳᠠᠵᠤ᠂   ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠬᠤ ︽ᠦᠨᠳᠦᠷ ᠲᠠᠷᠤᠯᠳᠠᠳᠤ ᠱᠤᠭᠤᠮ︾ ᠢ ᠪᠠᠶᠢᠭᠤᠯᠵᠤ ᠪᠠᠶᠢᠨ᠎ᠠ᠃        ᠲᠤᠰ ᠬᠤᠰᠢᠭᠤ ᠨᠢ ᠬᠤᠰᠢᠭᠤᠨ ᠤ ᠤᠳᠤᠷᠢᠳᠤᠯᠭ᠎ᠠ ᠨᠠᠷ  ᠰᠤᠮᠤ ᠰᠢᠶᠠᠩ ᠪᠠᠯᠭᠠᠰᠤ ᠶᠢ ᠲᠠᠭᠠᠭᠠᠴᠢᠯᠠᠬᠤ᠂    ᠰᠤᠮᠤ ᠰᠢᠶᠠᠩ  ᠪᠠᠯᠭᠠᠰᠤᠨ ᠤ ᠤᠳᠤᠷᠢᠳᠤᠯᠭ᠎ᠠ ᠭᠠᠴᠠᠭ᠎ᠠ ᠲᠤᠰᠬᠤᠨ ᠢ ᠲᠠᠭᠠᠭᠠᠴᠢᠯᠠᠵᠤ ᠠᠶᠢᠯ ᠡᠷᠦᠬᠡ ᠲᠠᠢ ᠬᠠᠷᠢᠴᠠᠬᠤ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂   ᠬᠠᠷᠢᠶ᠎ᠠ ᠤᠷᠤᠨ ᠤ ᠪᠠᠨ ᠭᠠᠴᠠᠭ᠎ᠠ ᠲᠤᠰᠬᠤᠨ   ᠳᠤ ᠵᠠᠬ᠎ᠠ ᠲᠠᠷᠠᠭᠠᠯᠠᠨ ᠪᠠᠶᠢᠴᠠᠭᠠᠨ ᠰᠤᠳᠤᠯᠤᠯᠳᠠ ᠬᠢᠵᠦ᠂  ︽ᠭᠠᠭᠴᠠᠭᠠᠡ ᠡᠬᠦᠷᠭᠡᠯᠡᠬᠦ︾ ᠬᠦᠮᠦᠨ ᠤ ᠨᠡᠷᠡᠰ ᠢ ᠲᠤᠳᠤᠷ᠎ᠠ ᠪᠠᠨ ᠲᠤᠭ᠎ᠠ ᠲᠠᠢ ᠪᠠᠶᠢᠬᠤ᠂    ᠭᠤᠤᠯᠳᠠᠯᠭ᠎ᠠ ᠲᠠᠢ ᠲᠦᠪᠡᠭ ᠲᠠᠢ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠢ ᠲᠤᠳᠤᠷ᠎ᠠ ᠪᠠᠨ ᠲᠤᠭ᠎ᠠ ᠲᠠᠢ ᠪᠠᠶᠢᠬᠤ᠂   ᠬᠤᠭᠤᠴᠠᠭ᠎ᠠ ᠰᠤᠯᠢᠬᠤ ᠠᠵᠢᠯ ᠳᠤ ᠬᠠᠷᠰᠢ ᠪᠤᠯᠬᠤ  ᠲᠤᠪᠤᠶᠢᠮ᠎ᠠ ᠠᠰᠠᠭᠤᠳᠠᠯ ᠢ ᠲᠤᠳᠤᠷ᠎ᠠ ᠪᠠᠨ ᠲᠤᠭ᠎ᠠ ᠲᠠᠢ ᠪᠠᠶᠢᠬᠤ ᠶᠢ ᠪᠠᠳᠤᠯᠠᠨ᠂     ᠰᠤᠮᠤ ᠰᠢᠶᠠᠩ  ᠪᠠᠯᠭᠠᠰᠤᠨ  ᠤ ᠨᠠᠮ ᠤᠨ ᠬᠤᠷᠢᠶ᠎ᠠ ᠨᠢ   ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠭᠡᠰᠢᠬᠦᠳ ᠲᠠᠢ  ᠰᠠᠨᠠᠯ ᠪᠤᠳᠤᠯ  ᠢᠶᠠᠨ ᠲᠡᠯᠬᠡᠨ ᠰᠤᠯᠢᠯᠴᠠᠵᠤ᠂   ᠨᠠᠮ ᠤᠨ ᠡᠬᠦᠷ ᠤᠨ ᠱᠦᠵᠢ ᠪᠠ ᠭᠠᠴᠠᠭ᠎ᠠ ᠲᠤᠰᠬᠤᠨ ᠤ ᠲᠠᠷᠤᠭ᠎ᠠ ᠲᠠᠢ   ᠨᠢᠬᠡ ᠨᠢᠬᠡ ᠪᠠᠷ ︽ ᠨᠢᠭᠤᠷᠳᠠᠨ ᠶᠠᠷᠢᠯᠴᠠᠵᠤ︾  ᠂ ᠲᠡᠳᠡᠨ ᠳᠤ ᠬᠤᠭᠤᠴᠠᠭ᠎ᠠ ᠰᠤᠯᠢᠬᠤ ᠠᠵᠢᠯ ᠤᠨ ᠬᠠᠨᠳᠤᠰᠢ ᠶᠢ ᠵᠦᠪ ᠲᠠᠨᠢᠭᠤᠯᠤᠨ᠂  ᠰᠠᠬᠢᠯᠭ᠎ᠠ ᠲᠦᠷᠢᠮ ᠢ ᠴᠢᠩᠭ᠎ᠠ ᠵᠢᠷᠤᠮᠯᠠᠬᠤ ᠶᠢ ᠰᠠᠨᠠᠭᠤᠯᠵᠤ ᠱᠠᠭᠠᠷᠳᠠᠵᠠᠢ᠃      ᠠᠯᠤᠰ ᠡᠵᠡᠮᠰᠢᠯᠳᠦ ᠰᠤᠷᠭᠠᠨ ᠬᠦᠮᠦᠵᠢᠯ ᠤᠨ ᠲᠠᠪᠴᠠᠩ  ᠂  ᠭᠠᠴᠠᠭᠠᠨ ᠤ ᠶᠠᠪᠤᠳᠠᠯ ᠢ ᠢᠯᠡ ᠪᠤᠯᠭᠠᠬᠤ ᠰᠠᠮᠪᠠᠷ᠎ᠠ  ᠂  ᠸᠢᠴᠠᠲ ᠬᠤᠯᠪᠤᠭ᠎ᠠ ᠵᠡᠷᠭᠡ   ᠶᠢ ᠠᠰᠢᠭᠯᠠᠨ᠂   ︽ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ  ᠶᠢᠨ ᠠᠵᠢᠯ ᠤᠨ ᠲᠦᠷᠢᠮ︾᠂ ︽ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠰᠤᠩᠭᠤᠭᠤᠯᠢ ᠶᠢᠨ ᠠᠵᠢᠯ ᠤᠨ ᠲᠦᠷᠢᠮ︾ ᠵᠡᠷᠭᠡ ᠬᠠᠤᠯᠢ ᠲᠦᠷᠢᠮ ᠢ ᠦᠷᠭᠡᠨ ᠢᠶᠠᠷ ᠤᠬᠠᠭᠤᠯᠵᠤ᠂  ︽ᠪᠦᠬᠦ ᠬᠤᠰᠢᠭᠤᠨ ᠤ ᠭᠠᠴᠠᠭ᠎ᠠ ᠲᠤᠰᠬᠤᠨ ᠤ ᠨᠠᠮ ᠤᠨ ᠭᠡᠰᠢᠬᠦᠨ᠂ ᠤᠯᠠᠨ ᠲᠦᠮᠡᠨ ᠳᠤ ᠦᠭᠬᠦ ᠨᠢᠬᠡᠨ ᠬᠤᠪᠢ ᠵᠠᠬᠢᠳᠠᠯ︾ ᠢ  ᠮᠤᠩᠭᠤᠯ ᠬᠢᠳᠠᠳ  ᠬᠤᠤᠰ ᠬᠡᠯᠡ   ᠪᠠᠷ ᠤᠩᠰᠢᠨ ᠨᠡᠪᠳᠡᠷᠡᠬᠦᠯᠵᠦ᠂   ︽ᠭᠠᠭᠴᠠᠭᠠᠷ ᠡᠬᠦᠷᠭᠡᠯᠡᠬᠦ ᠲᠤᠬᠠᠢ ᠲᠠᠶᠢᠯᠤᠮᠵᠢ︾᠂ ︽ ᠬᠤᠭᠤᠴᠠᠭ᠎ᠠ ᠰᠤᠯᠢᠬᠤ ᠠᠵᠢᠯ ᠤᠨ ᠰᠡᠷᠡᠮᠵᠢᠯᠡᠬᠦᠯᠬᠦ ᠬᠦᠮᠦᠵᠢᠯ ᠤᠨ ᠦᠯᠢᠬᠡᠷ ᠵᠢᠱᠢᠶᠡᠨ ᠤ ᠰᠤᠩᠭᠤᠮᠠᠯ︾᠂ ︽ ᠬᠤᠭᠤᠴᠠᠭ᠎ᠠ ᠰᠤᠯᠢᠬᠤ ᠰᠤᠩᠭᠤᠭᠤᠯᠢ ᠶᠢᠨ ᠰᠠᠬᠢᠯᠭ᠎ᠠ ᠪᠠᠳᠤ ᠶᠢᠨ ᠤᠬᠠᠭᠤᠯᠭ᠎ᠠ ᠶᠢᠨ ᠲᠡᠪᠳᠡᠷ︾ ᠵᠡᠷᠭᠡ ᠶᠢ 4 ᠲᠦᠮᠡ ᠢᠯᠡᠬᠦᠦ ᠬᠤᠪᠢ ᠬᠡᠪᠯᠡᠬᠦᠯᠦᠨ  ᠲᠠᠷᠬᠠᠭᠠᠭᠰᠠᠨ ᠪᠦᠬᠡᠳ ᠰᠤᠮᠤ ᠭᠠᠴᠠᠭᠠᠨ ᠤ ᠺᠠᠳ᠋ᠷ ᠠᠵᠢᠯᠳᠠᠳ ᠡᠷᠦᠬᠡ  ᠲᠤᠭᠤᠷᠢᠨ ᠤᠬᠠᠭᠤᠯᠭ᠎ᠠ ᠶᠢᠨ ᠠᠵᠢᠯ ᠬᠢᠵᠦ᠂  ᠦᠷᠭᠡᠨ ᠤᠯᠠᠨ ᠨᠡᠮ ᠤᠨ ᠭᠡᠰᠢᠬᠦᠨ᠂ ᠺᠠᠳ᠋ᠷ᠂ ᠤᠯᠠᠨ ᠲᠦᠮᠡᠨ ᠢ ᠵᠢᠯᠤᠭᠤᠳᠤᠨ   ︽ ᠠᠷᠪᠠ ᠶᠢ ᠴᠡᠭᠡᠷᠯᠡᠬᠦ︾᠂ ︽ᠠᠷᠪᠠ ᠶᠢ ᠦᠯᠦ ᠵᠦᠪᠰᠢᠶᠡᠷᠡᠬᠦ︾  ᠱᠠᠭᠠᠷᠳᠠᠯᠭ᠎ᠠ ᠪᠠᠷ   ᠰᠠᠬᠢᠯᠭ᠎ᠠ ᠪᠠᠳᠤ ᠶᠢᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ ᠪᠠᠶᠢᠨ᠎ᠠ᠃    ᠲᠤᠰ ᠬᠤᠰᠢᠭᠤ ᠨᠢ ᠬᠤᠭᠤᠴᠠᠭ᠎ᠠ ᠰᠤᠯᠢᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠲᠡᠭᠡᠨ  ᠶᠡᠷᠦᠩᠬᠡᠶᠢᠯᠡᠨ ᠵᠤᠬᠢᠴᠠᠭᠤᠯᠬᠤ ᠲᠤᠭᠤᠶᠢᠯᠠᠩ᠂  ᠤᠬᠠᠭᠤᠯᠤᠨ ᠵᠢᠯᠤᠭᠤᠳᠬᠤ  ᠲᠤᠭᠤᠶᠢᠯᠠᠩ᠂  ᠰᠠᠬᠢᠯᠭ᠎ᠠ ᠲᠦᠷᠢᠮ ᠢ ᠴᠢᠩᠭᠠᠳᠬᠠᠵᠤ ᠬᠡᠪ ᠰᠤᠷᠳᠠᠯ ᠢ ᠴᠡᠭᠴᠡᠯᠡᠬᠦ ᠲᠤᠭᠤᠶᠢᠯᠠᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠭᠤᠶᠢᠯᠠᠩ ᠭᠡᠵᠦ ᠲᠦᠷᠪᠡᠨ ᠠᠵᠢᠯᠯᠠᠬᠤ ᠲᠤᠭᠤᠶᠢᠯᠠᠩ ᠲᠤᠬᠢᠷᠠᠭᠤᠯᠵᠤ᠂  ᠡᠯ᠎ᠡ ᠠᠵᠢᠯᠯᠠᠬᠤ ᠲᠤᠭᠤᠶᠢᠯᠠᠩ ᠨᠢ  ᠦᠪᠡᠷ ᠦᠪᠡᠷ ᠤᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ ᠪᠠᠶᠢᠨ᠎ᠠ᠃   ᠪᠠᠰᠠ  ︽ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠵᠤ ᠬᠠᠷᠢᠭᠤᠴᠠᠯᠭ᠎ᠠ ᠨᠡᠬᠡᠮᠵᠢᠯᠡᠬᠦ ᠲᠤᠬᠠᠢ  ᠮᠡᠳᠡᠭᠳᠡᠯ︾ ᠢ ᠪᠠᠭᠤᠯᠭᠠᠨ᠂  ᠰᠠᠬᠢᠯᠭ᠎ᠠ ᠪᠠᠳᠤ ᠶᠢ  ᠴᠢᠩᠭᠠᠳᠬᠠᠬᠤ᠂   ᠰᠤᠷᠭᠠᠨ ᠬᠦᠮᠦᠵᠢᠯ ᠢ ᠴᠢᠩᠭᠠᠳᠬᠠᠬᠤ᠂   ᠬᠢᠨᠠᠯᠳᠠ ᠲᠠᠯᠪᠢᠬᠤ ᠶᠢ ᠴᠢᠩᠭᠠᠳᠬᠠᠬᠤ᠂  ᠲᠦᠷᠢᠮ ᠤᠨ ᠭᠡᠷᠡᠭᠵᠢᠬᠦᠯᠦᠯᠳᠡ ᠶᠢ ᠴᠢᠩᠭᠠᠳᠬᠠᠬᠤ  ᠵᠡᠷᠭᠡ ᠲᠦᠷᠪᠡᠨ ᠲᠠᠯ᠎ᠠ ᠠᠴᠠ ᠬᠤᠭᠤᠴᠠᠭ᠎ᠠ ᠰᠤᠯᠢᠬᠤ ᠠᠵᠢᠯ ᠤᠨ ᠬᠠᠤᠯᠢ ᠶᠤᠰᠤᠭᠠᠷ  ᠡᠮᠬᠢ ᠲᠢᠭᠯᠡᠮ ᠲᠠᠢ ᠶᠠᠪᠤᠭᠳᠠᠬᠤ ᠶᠢ ᠪᠠᠳᠤᠯᠠᠵᠤ᠂   ᠠᠷᠢᠭᠤᠨ ᠴᠢᠭᠡᠴᠢ ᠲᠦᠪ ᠭᠤᠤᠯᠴᠢ ᠬᠤᠭᠤᠴᠠᠭ᠎ᠠ ᠰᠤᠯᠢᠬᠤ ᠠᠵᠢᠯ ᠤᠨ ᠤᠷᠴᠢᠨ ᠲᠤᠭᠤᠷᠢᠨ ᠢ ᠡᠬᠦᠳᠬᠦ ᠪᠠᠷ ᠴᠢᠷᠮᠠᠶᠢᠵᠤ ᠪᠠᠶᠢᠨ᠎ᠠ᠃    ᠬᠢᠨᠠᠯᠳᠠ ᠲᠠᠯᠪᠢᠬᠤ ᠤᠳᠠᠰᠤ᠂   ᠵᠠᠬᠢᠳᠠᠯ ᠰᠤᠷᠪᠤᠯᠵᠢᠯᠠᠭ᠎ᠠ᠂ ᠲᠤᠤᠷ ᠰᠦᠯᠵᠢᠶ᠎ᠡ ︽ᠭᠤᠷᠪᠠ ᠶᠢ ᠨᠢᠬᠡ ᠴᠤᠭᠴᠠᠵᠢᠭᠤᠯᠤᠭᠰᠠᠨ︾  ᠢᠯᠡᠴᠢᠯᠡᠨ ᠮᠡᠳᠡᠬᠦᠯᠬᠦ ᠲᠠᠪᠴᠠᠩ   ᠢ ᠠᠰᠢᠭᠯᠠᠵᠤ᠂ ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠲᠦᠷᠢᠮ ᠢ ᠵᠦᠷᠢᠴᠡᠭᠰᠡᠨ ᠠᠰᠠᠭᠤᠳᠠᠯ ᠤᠨ ᠲᠤᠬᠠᠢ  ᠢᠯᠡᠴᠢᠯᠡᠯᠳᠡ ᠶᠢ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠨ᠂  ᠪᠦᠬᠦ ᠬᠤᠰᠢᠭᠤᠨ ᠤ ᠬᠤᠭᠤᠴᠠᠭ᠎ᠠ ᠰᠤᠯᠢᠬᠤ ᠠᠵᠢᠯ ᠤᠨ ᠪᠠᠶᠢᠳᠠᠯ ᠢ ᠪᠠᠶᠢᠴᠠᠭᠠᠨ  ᠤᠶᠢᠯᠠᠭᠠᠬᠤ ᠶᠢᠨ ᠬᠠᠮᠳᠤ᠂   ᠰᠠᠬᠢᠯᠭ᠎ᠠ ᠲᠦᠷᠢᠮ ᠢ ᠴᠢᠩᠭᠠᠳᠬᠠᠵᠤ ᠬᠡᠪ ᠰᠤᠷᠳᠠᠯ ᠢ ᠴᠡᠭᠴᠡᠯᠡᠬᠦ ᠲᠤᠭᠤᠶᠢᠯᠠᠩ  ᠠᠴᠠ  ᠭᠠᠴᠠᠭ᠎ᠠ ᠲᠤᠰᠬᠤᠨ ᠤ  ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠳᠤ  ᠬᠢᠨᠠᠯᠳᠠ ᠲᠠᠯᠪᠢᠵᠤ ᠪᠠᠶᠢᠴᠠᠭᠠᠯᠳᠠ ᠬᠢᠬᠦ ᠪᠠᠨ   ᠴᠢᠩᠭᠠᠳᠬᠠᠵᠤ᠂  ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ᠂   ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠲᠠᠢ ᠬᠠᠮᠳᠤᠷᠠᠨ ᠭᠠᠴᠠᠭ᠎ᠠ ᠲᠤᠰᠬᠤᠨ ᠤ ᠨᠠᠮ  ᠤᠨ ᠡᠬᠦᠷ ᠪᠠ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠲᠤᠮᠳᠠᠬᠢ ᠰᠠᠬᠢᠯᠭ᠎ᠠ ᠲᠦᠷᠢᠮ ᠵᠦᠷᠢᠴᠡᠭᠰᠡᠨ ᠠᠵᠢᠯᠯᠠᠭ᠎ᠠ ᠶᠢ ᠲᠦᠪ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠵᠦ  ᠂ ᠨᠠᠮ ᠤᠨ ᠭᠡᠰᠢᠬᠦᠨ  ᠂ ᠤᠯᠠᠨ ᠲᠦᠮᠡᠨ ᠤ  ᠠᠷᠠᠳᠴᠢᠯᠠᠯ ᠤᠨ ᠡᠷᠭᠡ ᠶᠢ ᠬᠠᠮᠠᠭᠠᠯᠠᠨ᠂ ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ   ᠶᠢ ᠴᠢᠩᠭᠠᠳᠬᠠᠬᠤ ︽ᠦᠨᠳᠦᠷ ᠲᠠᠷᠤᠯᠳᠠᠳᠤ ᠱᠤᠭᠤᠮ︾ ᠢ ᠪᠠᠶᠢᠭᠤᠯᠵᠤ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号