ᠤᠷᠴᠢᠮᠬᠠᠨ᠂ ᠡᠪ ᠬᠠᠮᠳᠤ ᠵᠠᠯᠠᠭᠤᠴᠤᠳ ᠤᠨ ᠡᠪᠯᠡᠯ ᠤᠨ ᠲᠦᠪ ᠬᠤᠷᠢᠶ᠎ᠠ᠂ ᠰᠤᠷᠭᠠᠨ ᠬᠦᠮᠦᠵᠢᠯ ᠤᠨ ᠶᠠᠮᠤᠨ | ᠂ ᠪᠦᠬᠦ ᠤᠯᠤᠰ ᠤᠨ ᠪᠠᠭᠠᠴᠤᠳ ᠤᠨ ᠠᠵᠢᠯ ᠤᠨ ᠵᠦᠪᠯᠡᠯ ᠠᠴᠠ 2020 ᠤᠨ ᠤ ︽ᠪᠦᠬᠦ ᠤᠯᠤᠰ ᠤᠨ | ᠰᠢᠯᠢᠳᠡᠭ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠬᠦᠨ︾᠂ ︽ᠪᠦᠬᠦ ᠤᠯᠤᠰ ᠤᠨ ᠰᠢᠯᠢᠳᠡᠭ ᠪᠠᠭᠠᠴᠤᠳ | ᠤᠨ ᠬᠤᠰᠢᠭᠤᠴᠢ ᠠᠩᠬᠢ ᠶᠢᠨ ᠵᠢᠭᠠᠨ ᠵᠢᠯᠤᠭᠤᠳᠤᠭᠴᠢ︾᠂ ︽ ᠪᠦᠬᠦ ᠤᠯᠤᠰ ᠤᠨ ᠰᠢᠯᠢᠳᠡᠭ ᠪᠠᠭᠠᠴᠤᠳ ᠤᠨ | ᠬᠤᠰᠢᠭᠤᠴᠢ ᠠᠩᠬᠢ︾ ᠶᠢ ᠰᠠᠶᠢᠰᠢᠶᠠᠨ ᠬᠦᠬᠢᠬᠦᠯᠬᠦ ᠲᠤᠬᠠᠢ ᠲᠤᠭᠳᠠᠠᠭᠠᠯ ᠢ ᠨᠡᠶᠢᠳᠡᠯᠡᠬᠦ ᠳᠤ ᠲᠠᠶᠢᠹᠤᠰᠧ | ᠬᠤᠰᠢᠭᠤᠨ ᠤ ᠲᠦᠷᠪᠡᠳᠦᠬᠡᠷ ᠪᠠᠭ᠎ᠠ ᠰᠤᠷᠭᠠᠭᠤᠯᠢ ᠶᠢᠨ ᠬᠤᠰᠢᠭᠤᠴᠢ ᠠᠩᠬᠢ ᠶᠢᠨ ᠭᠤᠷᠪᠠᠳᠤᠭᠠᠷ ︵4︶ ᠲᠤᠮᠳᠠ | ᠠᠩᠬᠢ ᠨᠢ ︽ ᠪᠦᠬᠦ ᠤᠯᠤᠰ ᠤᠨ ᠰᠢᠯᠢᠳᠡᠭ ᠪᠠᠭᠠᠴᠤᠳ ᠤᠨ ᠬᠤᠰᠢᠭᠤᠴᠢ ᠠᠩᠬᠢ︾ ᠶᠢᠨ ᠡᠩᠨᠡᠭᠡ ᠳᠤ | ᠵᠢᠬᠰᠠᠵᠤ᠂ ᠱᠠᠩᠨᠠᠯ ᠬᠦᠬᠢᠬᠦᠯᠦᠯ ᠬᠦᠷᠳᠡᠭᠰᠡᠨ ᠪᠠᠶᠢᠨ᠎ᠠ᠃ | ᠲᠠᠶᠢᠹᠤᠰᠧ ᠬᠤᠰᠢᠭᠤᠨ ᠤ ᠲᠦᠷᠪᠡᠳᠦᠬᠡᠷ ᠪᠠᠭ᠎ᠠ ᠰᠤᠷᠭᠠᠭᠤᠯᠢ ᠶᠢᠨ ᠬᠤᠰᠢᠭᠤᠴᠢ ᠠᠩᠬᠢ ᠶᠢᠨ | ᠭᠤᠷᠪᠠᠳᠤᠭᠠᠷ ︵4︶ ᠲᠤᠮᠳᠠ ᠠᠩᠬᠢ ᠪᠤᠯ ᠨᠢᠬᠡᠨ ᠪᠦᠯᠬᠦᠮᠳᠡᠯ ᠨᠢᠬᠳᠠᠷᠠᠯ ᠢ ᠡᠷᠬᠢᠮᠯᠡᠵᠦ᠂ ᠤᠷᠤᠭᠰᠢ ᠲᠠᠪᠰᠢᠬᠤ | ᠶᠢ ᠵᠤᠷᠢᠭᠰᠠᠨ᠂ ᠴᠤᠭ ᠵᠢᠪᠬᠤᠭ᠎ᠠ ᠲᠠᠢ ᠬᠤᠰᠢᠭᠤᠴᠢ ᠠᠩᠬᠢ ᠶᠢᠨ ᠡᠩᠨᠡᠭᠡ ᠪᠠᠶᠢᠵᠤ᠂ 2019 ᠤᠨ ᠳᠤ | ᠦᠪᠡᠷᠳᠡᠭᠡᠨ ᠵᠠᠰᠠᠬᠤ ᠤᠷᠤᠨ ᠤ ︽ᠰᠢᠯᠢᠳᠡᠭ ᠪᠠᠭᠠᠴᠤᠳ ᠤᠨ ᠬᠤᠰᠢᠭᠤᠴᠢ ᠠᠩᠬᠢ︾ ᠶᠢᠨ ᠢᠷᠠᠭᠤ ᠠᠯᠳᠠᠷ ᠢ | ᠬᠦᠷᠳᠡᠵᠦ ᠦᠩᠬᠡᠷᠡᠵᠡᠢ᠃ ᠲᠤᠮᠳᠠ ᠠᠩᠬᠢ ᠨᠢ ᠠᠵᠢᠯ ᠤᠨ ᠶᠠᠪᠤᠴᠠ ᠳᠠᠭᠠᠨ ᠬᠤᠰᠢᠭᠤᠴᠢ ᠠᠩᠬᠢ ᠶᠢᠨ | ᠬᠡᠰᠢᠬᠦᠳ ᠤᠨ ᠤᠯᠤᠰ ᠲᠦᠷᠦ ᠪᠠ ᠦᠷᠳᠡᠭ ᠤᠨ ᠦᠵᠡᠯᠳᠡ ᠶᠢᠨ ᠬᠦᠮᠦᠵᠢᠯ ᠢ ᠡᠷᠬᠢᠮᠯᠡᠵᠦ᠂ ᠡᠯ᠎ᠡ ᠵᠦᠢᠯ ᠤᠨ | ᠬᠦᠳᠡᠯᠪᠦᠷᠢ ᠠᠵᠢᠯᠯᠠᠭ᠎ᠠ ᠦᠷᠨᠢᠬᠦᠯᠬᠦ ᠪᠠᠷ ᠲᠠᠮᠵᠢᠭᠠᠳ ᠬᠤᠰᠢᠭᠤᠴᠢ ᠠᠩᠬᠢ ᠶᠢᠨ ᠬᠡᠰᠢᠬᠦᠳ ᠢᠶᠠᠨ ᠵᠢᠯᠤᠭᠤᠳᠤᠨ | ᠬᠦᠮᠦᠵᠢᠬᠦᠯᠵᠦ ᠢᠷᠡᠵᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠶᠡᠭᠡ ᠠᠩᠬᠢ | ᠶᠢᠨ ᠢᠶᠠᠨ ᠱᠠᠭᠠᠷᠳᠠᠯᠭ᠎ᠠ ᠶᠢ ᠨᠠᠷᠢᠨ ᠨᠢᠮᠪᠠᠢ ᠲᠤᠤᠱᠯᠠᠭᠤᠯᠵᠤ᠂ ᠤᠯᠠᠭᠠᠨ ᠪᠦᠴᠡᠳᠡᠨ ᠤ ᠲᠦᠷᠢᠮ ᠢ | ᠭᠡᠷᠡᠭᠵᠢᠬᠦᠯᠦᠨ᠂ ᠲᠦᠷᠢᠮ ᠢ ᠤᠩᠰᠢᠭᠰᠠᠨ ᠮᠡᠳᠡᠯᠬᠡ ᠶᠢᠨ ᠰᠢᠯᠭᠠᠷᠠᠭᠤᠯᠤᠯᠳᠠ ᠬᠢᠵᠦ᠂ ᠬᠤᠰᠢᠭᠤᠴᠢ ᠠᠩᠬᠢ ᠶᠢᠨ | ᠬᠡᠰᠢᠬᠦᠳ ᠤᠨ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠨᠤᠳᠤᠭ ᠤᠷᠤᠨ ᠢᠶᠠᠨ | ᠬᠠᠶᠢᠷᠠᠯᠠᠬᠤ ᠦᠵᠡᠯ ᠰᠡᠳᠬᠢᠯᠬᠡ ᠶᠢ ᠨᠡᠮᠡᠭᠳᠡᠬᠦᠯᠦᠭᠰᠡᠨ ᠪᠠᠶᠢᠪᠠ᠃ |