ᠲᠠᠶᠢᠹᠤᠰᠧ ᠬᠤᠰᠢᠭᠤ ᠬᠦᠮᠦᠨ ᠢᠶᠠᠷ ᠦᠨᠳᠦᠰᠦ ᠪᠤᠯᠭᠠᠬᠤ ᠶᠢ ᠪᠠᠷᠢᠮᠳᠠᠯᠠᠨ᠂ ᠨᠡᠶᠢᠳᠡ ᠶᠢᠨ ᠦᠮᠴᠢᠯᠡᠯ ᠤᠨ | ᠪᠤᠰᠤ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠠ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ | ᠪᠠᠶᠢᠭᠤᠯᠤᠯᠳᠠ ᠶᠢᠨ ᠴᠡᠷ᠎ᠡ ᠬᠦᠷᠢᠶ᠎ᠡ ᠳᠤ ᠨᠠᠮ ᠤᠨ ᠭᠡᠰᠢᠬᠦᠳ ᠢ ᠬᠠᠶᠢᠷᠠᠯᠠᠨ ᠬᠠᠯᠠᠮᠵᠢᠯᠠᠬᠤ ︽ᠲᠠᠪᠤᠨ ᠨᠢᠬᠡ︾ | ᠶᠢᠨ ᠠᠵᠢᠯᠯᠠᠭ᠎ᠠ ᠶᠢ ᠡᠷᠴᠢᠮ ᠲᠠᠢ ᠦᠷᠨᠢᠬᠦᠯᠵᠦ ᠪᠠᠶᠢᠨ᠎ᠠ᠃ | ᠲᠤᠰ ᠬᠤᠰᠢᠭᠤ ᠨᠢ ︽ᠲᠠᠪᠤᠨ ᠨᠢᠬᠡ︾ ᠶᠢᠨ ᠠᠵᠢᠯᠯᠠᠭ᠎ᠠ ᠶᠢ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠳᠡ ᠪᠠ ᠰᠢᠨᠵᠢᠯᠡᠬᠦ ᠤᠬᠠᠭᠠᠨᠴᠢ ᠬᠠᠮᠢᠶᠠᠷᠤᠯᠳᠠ ᠶᠢᠨ ᠶᠠᠪᠤᠴᠠ ᠳᠤ ᠬᠦᠨ ᠠᠭᠤᠰᠤᠯᠴᠠᠭᠤᠯᠵᠤ᠂ | ᠠᠵᠢᠯᠯᠠᠭᠠᠨ ᠤ ᠬᠠᠷᠠᠯᠳᠠ ᠨᠢ ᠠᠵᠤ ᠠᠬᠤᠶᠢᠯᠠᠯ ᠤᠨ ᠪᠤᠳᠠᠳᠤ ᠪᠠᠶᠢᠳᠠᠯ ᠯᠤᠭ᠎ᠠ ᠨᠢᠬᠡᠳᠦᠯᠳᠡᠢ ᠪᠠᠶᠢᠬᠤ ᠶᠢ ᠪᠠᠳᠤᠯᠠᠨ | ᠂ ᠪᠠᠭᠤᠯᠭᠠᠭᠰᠠᠨ ᠠᠯᠪᠠᠨ ᠵᠠᠷᠤᠳᠠᠯ ᠤᠨ ᠲᠤᠰᠬᠠᠢ ᠮᠦᠩᠬᠦ ᠶᠢ ᠲᠤᠰᠬᠠᠢ ᠵᠦᠢᠯ ᠳᠤ ᠭᠡᠷᠡᠭᠯᠡᠬᠦ ᠶᠢ ᠪᠠᠳᠤᠯᠠᠭᠰᠠᠨ | ᠪᠦᠬᠡᠳ ᠠᠵᠢᠯ ᠤᠨ ᠰᠠᠭᠤᠷᠢ ᠪᠠᠨ ᠪᠠᠬᠢᠵᠢᠬᠦᠯᠵᠦ᠂ ︽ ᠬᠤᠶᠠᠷ ᠰᠢᠨ᠎ᠡ︾ ᠵᠤᠬᠢᠶᠠᠨ ᠪᠠᠶᠢᠭᠤᠯᠤᠯᠳᠠ ᠶᠢᠨ | ᠨᠠᠮ ᠤᠨ ᠪᠠᠶᠢᠭᠤᠯᠤᠯᠳᠠ ᠶᠢᠨ ᠠᠵᠢᠯ ᠤᠨ ᠨᠦᠯᠦᠬᠡᠯᠡᠬᠦ ᠬᠦᠴᠦᠨ ᠢ ᠶᠡᠬᠡᠰᠬᠡᠵᠦ᠂ ︽ ᠬᠤᠶᠠᠷ ᠢ ᠪᠦᠷᠬᠦᠬᠦᠯᠬᠦ︾ | ᠶᠢ ᠦᠷᠬᠦᠯᠵᠢᠯᠡᠨ ᠯᠠᠪᠳᠠᠭᠤᠨ ᠢᠶᠠᠷ ᠠᠬᠢᠭᠤᠯᠵᠠᠢ᠃ ᠡᠬᠦᠨ ᠤ ᠬᠠᠮᠳᠤ᠂ ᠨᠠᠮ ᠤᠨ ᠡᠬᠦᠷ ᠤᠨ | ᠪᠠᠷᠢᠮᠵᠢᠶᠠᠵᠢᠭᠰᠠᠨ ᠪᠠᠶᠢᠭᠤᠯᠤᠯᠳᠠ ᠶᠢᠨ ᠭᠤᠤᠯᠳᠠᠯᠭᠠᠳᠤ ᠡᠬᠦᠷᠭᠡ ᠶᠢ ᠦᠨᠡᠨ ᠪᠤᠳᠠᠳᠠᠢ ᠠᠳᠬᠤᠵᠤ᠂ ︽ | ᠭᠤᠷᠪᠠᠨ ᠬᠤᠷᠠᠯ ᠨᠢᠬᠡ ᠬᠢᠴᠢᠶᠡᠯ︾᠂ ︽ᠭᠤᠤᠯ ᠰᠡᠳᠦᠪᠳᠦ ᠨᠠᠮ ᠤᠨ ᠡᠳᠦᠷ︾ ᠂ ᠵᠤᠬᠢᠶᠠᠨ ᠪᠠᠶᠢᠭᠤᠯᠤᠯᠳᠠ ᠶᠢᠨ | ᠠᠮᠢᠳᠤᠷᠠᠯ ᠤᠨ ᠬᠤᠷᠠᠯ᠂ ᠨᠠᠮ ᠢ ᠬᠡᠰᠢᠥᠬᠦᠨ ᠢ ᠠᠷᠠᠳᠴᠢᠯᠠᠯ ᠢᠶᠠᠷ ᠦᠨᠡᠯᠡᠬᠦ ᠵᠡᠷᠭᠡ ᠠᠵᠢᠯ ᠢ ᠴᠢᠩᠭ᠎ᠠ | ᠨᠠᠶᠢᠳᠠᠪᠤᠷᠢᠵᠢᠭᠤᠯᠤᠨ᠂ ︽ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ | ︾ ᠭᠤᠤᠯ ᠰᠡᠳᠦᠪᠳᠦ ᠬᠦᠮᠦᠵᠢᠯ ᠢ ᠰᠠᠶᠢᠳᠤᠷ ᠠᠳᠬᠤᠭᠰᠠᠨ ᠪᠠᠶᠢᠨ᠎ᠠ᠃ | ᠲᠤᠰ ᠬᠤᠰᠢᠭᠤ ᠨᠢ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠵᠤᠬᠢᠶ᠋ᠨᠨ ᠪᠠᠶᠢᠭᠤᠯᠤᠯᠳᠠ ᠪᠠ | ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠵᠤᠬᠢᠶᠠᠨ ᠪᠠᠶᠢᠭᠤᠯᠤᠯᠳᠠ ᠳᠤ ᠨᠠᠮ ᠤᠨ ᠭᠡᠰᠢᠬᠦᠨ ᠢ | ᠬᠠᠶᠢᠷᠠᠯᠠᠨ ᠬᠠᠯᠠᠮᠵᠢᠯᠠᠬᠤ ︽ᠲᠠᠪᠤᠨ ᠨᠢᠬᠡ︾ ᠶᠢᠨ ᠠᠵᠢᠯᠯᠠᠭ᠎ᠠ ᠠᠴᠠ ᠦᠷᠨᠢᠬᠦᠯᠵᠦ ᠡᠬᠢᠯᠡᠭᠰᠡᠨ ᠠᠴᠠ ᠨᠠᠰᠢ᠂ | ᠡᠳᠡᠭᠡᠷ ᠨᠠᠮ ᠤᠨ ᠵᠤᠬᠢᠶᠠᠨ ᠪᠠᠶᠢᠭᠤᠯᠤᠯᠳᠠ ᠳᠤ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠬᠤ ᠲᠤᠪᠴᠢᠯᠠᠯ︾᠂ ︽ᠨᠠᠮ | ᠤᠨ ᠡᠬᠦᠷ ᠤᠨ ᠠᠵᠢᠯ ᠤᠨ ᠲᠦᠷᠢᠮ︾ ᠵᠡᠷᠭᠡ 10 ᠭᠠᠷᠤᠢ ᠵᠦᠢᠯ ᠤᠨ ᠨᠠᠮ ᠤᠨ ᠪᠠᠶᠢᠭᠤᠯᠤᠯᠳᠠ ᠶᠢᠨ ᠮᠡᠳᠡᠯᠬᠡ | ᠶᠢᠨ ᠬᠠᠮᠢᠶᠠᠳᠠᠢ ᠨᠤᠮ ᠰᠡᠳᠬᠦᠯ ᠢ ᠬᠦᠷᠭᠡᠵᠡᠢ᠃ ᠪᠠᠰᠠ ᠨᠠᠮ ᠲᠤ ᠤᠷᠤᠬᠤ ᠲᠠᠩᠭᠠᠷᠢᠭ ᠢ ᠲᠠᠬᠢᠨ ᠤᠩᠰᠢᠬᠤ᠂ | ︽ᠤᠯᠤᠰ ᠲᠦᠷᠦ ᠶᠢᠨ ᠲᠦᠷᠦᠭᠰᠡᠨ ᠡᠳᠦᠷ ᠤᠨ ᠺᠠᠷᠲ︾ ᠬᠦᠷᠭᠡᠬᠦ᠂ ᠰᠤᠷᠤᠯᠴᠠᠯᠭ᠎ᠠ ᠶᠢᠨ ᠲᠡᠮᠳᠡᠭᠯᠡᠯ ᠤᠨ | ᠲᠡᠪᠳᠡᠷ ᠬᠦᠷᠭᠡᠬᠦ᠂ ᠨᠠᠮ ᠤᠨ ᠡᠬᠦᠷ ᠤᠨ ᠲᠤᠭᠳᠠᠮᠠᠯ ᠠᠵᠢᠯᠯᠠᠭᠠᠨ ᠤ ᠡᠳᠦᠷ ᠲᠤ ᠤᠷᠤᠯᠴᠠᠬᠤ ᠵᠡᠷᠭᠡ ᠬᠡᠯᠪᠡᠷᠢ | ᠪᠠᠷ 176 ᠨᠠᠮ ᠤᠨ ᠭᠡᠰᠢᠬᠦᠨ ᠤ ︽ᠤᠯᠤᠰ ᠲᠦᠷᠦ ᠶᠢᠨ ᠲᠦᠷᠦᠭᠰᠡᠨ ᠡᠳᠦᠷ︾ ᠢ ᠨᠢ ᠪᠡᠯᠬᠡᠯᠡᠵᠦ ᠂ 1 | ᠲᠡᠷᠢᠬᠦᠨ ᠤ ᠵᠤᠬᠢᠶᠠᠨ ᠪᠠᠶᠢᠭᠤᠯᠤᠯᠳᠠ ᠪᠠ 2 ᠰᠢᠯᠢᠳᠡᠭ ᠵᠢᠭᠠᠨ ᠵᠢᠯᠤᠭᠤᠳᠤᠭᠴᠢ᠂ 2 ᠰᠢᠯᠢᠳᠡᠭ ᠨᠠᠮ ᠤᠨ | ᠠᠵᠢᠯᠳᠠᠨ ᠳᠤ ᠱᠠᠩᠨᠠᠯ ᠦᠨᠡᠮᠯᠡᠯ ᠤᠯᠭᠤᠪᠠ᠃ ᠡᠬᠦᠨ ᠤ ᠬᠠᠮᠳᠤ᠂ ᠵᠢᠯ ᠪᠦᠷᠢ ᠨᠡᠶᠢᠳᠡ ᠶᠢᠨ ᠦᠮᠴᠢᠯᠡᠯ ᠤᠨ | ᠪᠤᠰᠤ ᠠᠵᠤ ᠠᠬᠤᠢ ᠶᠢᠨ ᠵᠤᠬᠢᠶ᠋ᠨᠨ ᠪᠠᠶᠢᠭᠤᠯᠤᠯᠳᠠ ᠪᠠ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ | ᠵᠤᠬᠢᠶᠠᠨ ᠪᠠᠶᠢᠭᠤᠯᠤᠯᠳᠠ ᠳᠤ ︽ ᠰᠢᠯᠢ ᠶᠢᠨ ᠭᠤᠤᠯ ᠤᠨ ᠡᠳᠦᠷ ᠤᠨ ᠰᠤᠨᠢᠨ︾᠂ ︽ᠬᠠᠭᠠᠰ ᠰᠠᠷ᠎ᠠ ᠶᠢᠨ | ᠶᠠᠷᠢᠯᠴᠠᠯᠭ᠎ᠠ︾ ᠵᠡᠷᠭᠡ ᠨᠠᠮ ᠤᠨ ᠰᠤᠨᠢᠨ ᠰᠡᠳᠬᠦᠯ ᠢ ᠵᠠᠬᠢᠶᠠᠯᠠᠨ ᠦᠭᠴᠦ᠂ ᠨᠠᠮ ᠤᠨ ᠪᠠᠶᠢᠭᠤᠯᠤᠯᠳᠠ ᠶᠢᠨ | ᠲᠤᠰᠬᠠᠢ ᠵᠠᠷᠤᠳᠠᠯ ᠢᠶᠠᠷ 16 ᠨᠠᠮ ᠤᠨ ᠡᠬᠦᠷ ᠤᠨ ᠰᠠᠭᠤᠷᠢᠨ ᠭᠠᠵᠠᠷ ᠤᠨ ᠪᠠᠶᠢᠭᠤᠯᠤᠯᠳᠠ ᠶᠢ ᠲᠡᠮᠵᠢᠭᠰᠡᠨ ᠪᠠᠶᠢᠨ᠎ᠠ | ᠃ | ︽ᠲᠠᠪᠤᠨ ᠨᠢᠬᠡ︾ ᠶᠢᠨ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠭᠠᠳ᠂ ᠲᠤᠰ ᠬᠤᠰᠢᠭᠤ ᠨᠢ ᠨᠡᠶᠢᠳᠡ ᠶᠢᠨ | ᠦᠮᠴᠢᠯᠡᠯ ᠤᠨ ᠪᠤᠰᠤ ᠠᠵᠤ ᠠᠬᠤᠢ ᠶᠢᠨ ᠵᠤᠬᠢᠶ᠋ᠨᠨ ᠪᠠᠶᠢᠭᠤᠯᠤᠯᠳᠠ ᠪᠠ ᠨᠡᠶᠢᠬᠡᠮ ᠤᠨ ᠵᠤᠬᠢᠶᠠᠨ ᠪᠠᠶᠢᠭᠤᠯᠤᠯᠳᠠ | ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠲᠤᠳᠤᠷᠠᠬᠢ ︽ᠨᠢᠭᠤᠭᠳᠠᠮᠠᠯ ᠨᠠᠮ ᠤᠨ ᠭᠡᠰᠢᠬᠦᠨ︾ ᠤ ᠪᠡᠶ᠎ᠡ ᠶᠢᠨ | ᠭᠠᠷᠤᠯ ᠢᠶᠠᠨ ᠮᠡᠳᠡᠭᠳᠡᠬᠦ ᠲᠤᠷ᠎ᠠ ᠦᠬᠡᠢ᠂ ᠨᠠᠮ ᠤᠨ ᠪᠠᠶᠢᠭᠤᠯᠤᠯᠳᠠ ᠶᠢ ᠠᠳᠬᠤᠬᠤ ᠦᠵᠡᠯ ᠤᠬᠠᠮᠰᠠᠷ ᠲᠤᠷᠤᠢ᠂ | ᠨᠠᠮ ᠤᠨ ᠭᠡᠰᠢᠬᠦᠨ ᠠᠵᠢᠯᠳᠠᠨ ᠤ ᠦᠢᠯᠡᠳᠦᠯ ᠢᠶᠠᠨ ᠪᠠᠳᠠᠷᠠᠭᠤᠯᠬᠤ ᠨᠢ ᠢᠯᠡᠷᠭᠡᠢ ᠪᠤᠰᠤ ᠵᠡᠷᠭᠡ ᠠᠰᠠᠭᠤᠳᠠᠯ ᠢ | ᠰᠢᠢᠳᠪᠦᠷᠢᠯᠡᠭᠰᠡᠨ ᠪᠦᠬᠡᠳ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠶᠢᠨ ᠤ ᠪᠠᠬᠢᠯᠡᠯᠳᠡ ᠶᠢᠨ ᠦᠢᠯᠡᠳᠦᠯ ᠪᠠ | ᠨᠠᠮ ᠤᠨ ᠭᠡᠰᠢᠬᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠨᠠᠮ ᠤᠨ | ᠪᠠᠶᠢᠭᠤᠯᠤᠯᠳᠠ ᠪᠠᠷ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠵᠤᠬᠢᠶ᠋ᠨᠨ ᠪᠠᠶᠢᠭᠤᠯᠤᠯᠳᠠ ᠪᠠ | ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠰᠢᠨᠵᠢᠯᠡᠬᠦ ᠤᠬᠠᠭᠠᠨᠴᠢ ᠬᠦᠭᠵᠢᠯᠳᠡ ᠶᠢ ᠠᠬᠢᠭᠤᠯᠬᠤ ᠬᠦᠴᠦᠷᠭᠡᠭ | ᠶᠡᠭᠡ ᠬᠦᠳᠡᠯᠭᠡᠭᠴᠢ ᠬᠦᠴᠦᠨ ᠪᠤᠯᠭᠠᠵᠤ ᠪᠠᠶᠢᠨ᠎ᠠ᠃ |