ᠵᠢᠯᠣᠭᠤᠴᠢ ᠶᠢᠨ ᠡᠯᠧᠺᠲᠷᠣᠨ ᠦᠨᠡᠮᠯᠡᠯ ᠢ ᠪᠥᠬᠦ ᠤᠯᠤᠰ ᠲᠤ ᠪᠥᠬᠦ ᠲᠠᠯ᠎ᠠ ᠪᠠᠷ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2021/12/10
   ᠰᠤᠷᠪᠤᠯᠵᠢᠯᠠᠭᠴᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠣᠶᠢᠯᠠᠭᠠᠭᠰᠠᠨ ᠢᠶᠠᠷ᠂ ᠵᠢᠯᠣᠭᠤᠴᠢ ᠶᠢᠨ ᠡᠯᠧᠺᠲᠷᠣᠨ ᠦᠨᠡᠮᠯᠡᠯ ᠢ ᠪᠥᠬᠦ ᠤᠯᠤᠰ ᠲᠤ ᠬᠡᠷᠡᠭᠵᠢᠭᠦᠯᠵᠦ᠂ ᠰᠦᠯᠵᠢᠶᠡᠨ ᠳᠡᠭᠡᠷ᠎ᠡ ︽ᠦᠨᠡᠮᠯᠡᠯ ᠭᠠᠷᠭᠠᠬᠤ︾ ᠦᠢᠯᠡᠴᠢᠯᠡᠭᠡ ᠬᠠᠩᠭᠠᠬᠤ ᠪᠣᠯᠤᠨ᠎ᠠ᠃     ᠵᠢᠯᠣᠭᠤᠴᠢ ᠶᠢᠨ ᠡᠯᠧᠺᠳ᠋ᠷᠣᠨ ᠦᠨᠡᠮᠯᠡᠯ ᠢ ᠨᠢᠭᠡᠨᠲᠡ ᠪᠡᠭᠡᠵᠢᠩ᠂ ᠱᠠᠩᠬᠠᠶ᠂ ᠭᠤᠸᠠᠩᠵᠧᠦ᠂ ᠰᠢ ᠠᠨ ᠵᠡᠷᠭᠡ 200 ᠬᠤᠲᠠ ᠳᠤ ᠨᠡᠶᠢᠳᠡᠮ ᠬᠡᠷᠡᠭᠵᠢᠭᠦᠯᠵᠦ᠂ 5000 ᠭᠠᠷᠤᠶ ᠲᠦᠮᠡᠨ ᠵᠢᠯᠣᠭᠤᠴᠢ ᠡᠯᠧᠺᠲᠷᠣᠨ ᠬᠡᠪᠯᠡᠯ ᠤᠨ ᠵᠢᠯᠣᠭᠤᠴᠢ ᠶᠢᠨ ᠦᠨᠡᠮᠯᠡᠯ ᠣᠯᠵᠠᠶ᠃ ᠡᠮᠦᠨᠡᠬᠢ ᠬᠤᠭᠤᠴᠠᠭᠠᠨ ᠤ ᠲᠤᠷᠰᠢᠯᠲᠠ ᠪᠠ ᠪᠦᠯᠦᠭ ᠬᠤᠪᠢᠶᠠᠨ ᠳᠡᠯᠭᠡᠷᠡᠭᠦᠯᠦᠨ ᠬᠡᠷᠡᠭᠯᠡᠭᠰᠡᠨ ᠰᠠᠭᠤᠷᠢᠨ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠶᠠᠮᠤᠨ ᠪᠥᠬᠦ ᠤᠯᠤᠰ ᠲᠤ ᠵᠢᠯᠣᠭᠤᠴᠢ ᠶᠢᠨ ᠡᠯᠧᠺᠲᠷᠣᠨ ᠦᠨᠡᠮᠯᠡᠯ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠲᠤᠬᠠᠶ ᠪᠠᠶᠢᠷᠢᠯᠠᠭᠤᠯᠤᠯᠲᠠ ᠬᠢᠪᠠ᠃    ᠵᠢᠯᠣᠭᠤᠴᠢ ᠶᠢᠨ ᠡᠯᠧᠺᠲᠷᠣᠨ ᠦᠨᠡᠮᠯᠡᠯ ᠢ ᠪᠥᠬᠦ ᠤᠯᠤᠰ ᠤᠨ ᠨᠢᠭᠡᠳᠦᠯᠲᠡᠶ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ App ᠪᠠᠷ ᠳᠠᠮᠵᠢᠭᠤᠯᠤᠨ ᠣᠯᠭᠤᠵᠤ᠂ ᠵᠢᠯᠣᠭᠤᠴᠢ ᠶᠢᠨ ᠴᠠᠭᠠᠰᠤᠨ ᠦᠨᠡᠮᠯᠡᠯ ᠲᠠᠢ ᠠᠳᠠᠯᠢᠬᠠᠨ᠂ ᠪᠥᠬᠦ ᠤᠯᠤᠰ ᠤᠨ ᠬᠡᠪᠴᠢᠶᠡᠨ ᠳᠤ ᠬᠦᠴᠦᠨ ᠲᠠᠢ︔ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠦᠯᠢᠶᠡᠬᠦ ᠳᠡᠭᠡᠨ ᠭᠠᠷᠭᠠᠨ ᠦᠵᠡᠭᠦᠯᠵᠦ ᠬᠡᠷᠡᠭᠯᠡᠵᠦ ᠪᠣᠯᠬᠤ ᠪᠥᠭᠡᠳ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ᠂ ᠮᠠᠰᠢᠨ ᠲᠡᠷᠭᠡ ᠲᠦᠷᠢᠶᠡᠰᠦᠯᠡᠬᠦ᠂ ᠳᠠᠭᠠᠳᠬᠠᠯ ᠬᠤᠳᠠᠯᠳᠤᠨ ᠠᠪᠬᠤ ᠵᠡᠷᠭᠡ ᠨᠡᠶᠢᠭᠡᠮ ᠤᠨ ᠬᠡᠷᠡᠭᠯᠡᠭᠡᠨ ᠤ ᠠᠬᠤᠶ ᠪᠠᠶᠢᠳᠠᠯ ᠳᠤ ᠴᠤ ᠥᠷᠭᠡᠳᠬᠡᠨ ᠬᠡᠷᠡᠭᠯᠡᠵᠦ ᠪᠣᠯᠤᠨ᠎ᠠ᠃ ᠡᠭᠦᠨ ᠠᠴᠠ ᠭᠠᠳᠠᠨ᠎ᠠ᠂ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠭᠠᠷ ᠳᠠᠮᠵᠢᠭᠰᠠᠨ ᠮᠠᠰᠢᠨ ᠲᠡᠷᠭᠡ ᠶᠢ ᠤᠨᠳᠤᠤ ᠭᠠᠵᠠᠷ ᠲᠤ ᠠᠷᠠᠯᠵᠢᠶᠠᠯᠠᠬᠤ ᠪᠠᠷ ᠳᠡᠩᠰᠡᠯᠡᠨ ᠲᠡᠮᠳᠡᠭᠯᠡᠬᠦ᠂ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ App ᠠᠴᠠ ᠪᠠᠷᠠᠭ᠎ᠠ ᠶᠠᠪᠤᠭᠤᠯᠬᠤ ᠲᠡᠷᠭᠡ ᠶᠢᠨ ᠡᠯᠧᠺᠲᠷᠣᠨ ᠨᠡᠪᠲᠡᠷᠡᠬᠦ ᠺᠣᠳ᠋ ᠢ ᠬᠠᠷᠭᠤᠭᠤᠯᠤᠨ ᠲᠠᠷᠬᠠᠭᠠᠬᠤ᠂ ᠵᠠᠮ ᠬᠠᠷᠢᠯᠴᠠᠭᠠᠨ ᠤ ᠠᠳᠡᠯ ᠤᠨ ᠭᠡᠷᠡᠴᠢ ᠮᠠᠲ᠋ᠧᠷᠢᠶᠠᠯ ᠢ ᠰᠦᠯᠵᠢᠶᠡᠨ ᠳᠡᠭᠡᠷ᠎ᠡ ᠪᠠᠶᠢᠴᠠᠭᠠᠨ ᠦᠵᠡᠬᠦ ᠵᠡᠷᠭᠡ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠴᠦ ᠪᠥᠬᠦ ᠤᠯᠤᠰ ᠲᠤ ᠵᠡᠷᠭᠡ ᠪᠠᠷ ᠬᠡᠷᠡᠭᠵᠢᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠪᠠ ᠶᠠᠪᠤᠵᠤ ᠰᠠᠭᠤᠬᠤ ᠳᠤ ᠨᠠᠩ ᠰᠠᠶᠢᠨ ᠲᠥᠬᠦᠮ ᠦᠵᠡᠭᠦᠯᠵᠦ᠂ ᠠᠵᠤ ᠠᠬᠤᠶᠢᠯᠠᠯ ᠤᠨ ᠠᠵᠢᠯ ᠲᠥᠷᠥᠯ ᠤᠨ ᠬᠥᠭᠵᠢᠯᠲᠡ ᠳᠤ ᠨᠠᠩ ᠰᠠᠶᠢᠨ ᠦᠢᠯᠡᠴᠢᠯᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号