ᠲᠠᠶᠢᠹᠤᠰᠧ ᠬᠤᠰᠢᠭᠤ ᠠᠶᠢᠽ ᠡᠪᠡᠳᠴᠢᠨ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/12/13
 12 ᠰᠠᠷ᠎ᠠ ᠶᠢᠨ 9 ᠤ ᠡᠳᠦᠷ ᠪᠣᠯ ᠭᠤᠴᠢᠨ ᠳᠥᠷᠪᠡᠳᠡᠬᠢ 《 ᠳᠡᠯᠡᠬᠡᠢ ᠶᠢᠨ ᠠᠶᠢᠽ ᠡᠪᠡᠳᠴᠢᠨ ᠤ ᠡᠳᠦᠷ 》 ᠪᠣᠯᠤᠨ᠎ᠠ᠃ ᠡᠨᠡ  ᠡᠳᠦᠷ ᠲᠠᠶᠢᠹᠤᠰᠧ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ   ᠨᠢ ᠬᠤᠰᠢᠭᠤᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠵᠥᠪᠯᠡᠯ ᠤᠨ ᠡᠯ᠎ᠡ ᠭᠡᠰᠢᠬᠦᠨ ᠨᠢᠬᠡᠴᠡ ᠲᠠᠢ ᠬᠤᠯᠪᠤᠭᠠᠯᠠᠵᠤ᠂《 ᠠᠮᠢ ᠨᠠᠰᠤ ᠶᠢ ᠳᠡᠭᠡᠳᠦᠯᠡᠵᠦ᠂ ᠠᠶᠢᠽ ᠡᠪᠡᠳᠴᠢᠨ ᠢ ᠠᠷᠢᠯᠭᠠᠨ᠂ ᠡᠷᠡᠭᠦᠯ ᠮᠡᠨᠳᠦ ᠡᠷᠬᠡ ᠲᠡᠭᠰᠢ ᠪᠠᠶᠢᠬᠤ 》  ᠪᠠᠷ ᠭᠤᠣᠯ ᠰᠡᠳᠦᠪ ᠪᠣᠯᠭᠠᠭᠰᠠᠨ ᠠᠶᠢᠽ ᠡᠪᠡᠳᠴᠢᠨ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
ᠠᠵᠢᠯᠯᠠᠭᠠᠨ ᠤ ᠳᠤᠮᠳᠠ᠂  ᠡᠯ᠎ᠡ  ᠬᠡᠰᠢᠬᠦᠨ ᠨᠢᠬᠡᠴᠡ ᠠᠴᠠ ᠤᠷᠤᠯᠴᠠᠭᠰᠠᠨ ᠰᠠᠶᠢᠨ ᠳᠤᠷ᠎ᠠ ᠶᠢᠨ ᠦᠢᠯᠡᠴᠢᠯᠡᠭᠴᠢ ᠨᠠᠷ  ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠬᠡᠯᠪᠡᠷᠢ ᠪᠠᠷ ᠠᠶᠢᠽ ᠡᠪᠡᠳᠴᠢᠨ ᠰᠡᠷᠭᠡᠶᠢᠯᠡᠨ ᠵᠠᠰᠠᠬᠤ ᠮᠡᠳᠡᠯᠭᠡ  ᠶᠢ ᠲᠦᠭᠡᠮᠡᠯᠵᠢᠭᠦᠯᠵᠦ᠂  ᠠᠶᠢᠽ ᠡᠪᠡᠳᠴᠢᠨ ᠤ ᠬᠤᠤᠷ ᠬᠥᠨᠥᠭᠡᠯ ᠤᠨ ᠲᠤᠬᠠᠶ  ᠤᠯᠠᠨ ᠲᠦᠮᠡᠨ ᠤ ᠲᠠᠨᠢᠯᠲᠠ ᠶᠢ  ᠨᠡᠮᠡᠭᠳᠡᠬᠦᠯᠦᠨ᠂  ᠠᠶᠢᠽ ᠡᠪᠡᠳᠴᠢᠨ ᠢ  ᠤᠶᠢᠯᠠᠭᠠᠬᠤ᠂ ᠠᠶᠢᠽ ᠡᠪᠡᠳᠴᠢᠨ ᠢ ᠰᠡᠷᠭᠡᠶᠢᠯᠡᠨ ᠬᠤᠷᠢᠭᠯᠠᠬᠤ᠂ ᠠᠶᠢᠽ ᠡᠪᠡᠳᠴᠢᠨ ᠲᠠᠢ ᠬᠥᠮᠦᠨ ᠢ ᠬᠠᠶᠢᠷᠠᠯᠠᠨ ᠬᠠᠯᠠᠮᠵᠢᠯᠠᠬᠤ ᠲᠠᠯ᠎ᠠ ᠪᠠᠷ ᠤᠬᠠᠭᠤᠯᠭ᠎ᠠ ᠬᠢᠭᠰᠡᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号