ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠬᠤᠶᠠᠷ ︽ᠵᠠᠭᠤᠨ | ᠡᠳᠦᠷ ᠤᠨ ᠪᠣᠭᠤᠮᠲᠠ ᠰᠢᠪᠲᠤᠯᠬᠤ ︾ ᠠᠵᠢᠯᠯᠠᠭ᠎ᠠ ᠪᠠᠷ ᠠᠵᠠ ᠲᠣᠬᠢᠶᠠᠯ ᠪᠤᠯᠭᠠᠨ᠂ ᠠᠵᠢᠯ ᠤᠨ ᠪᠤᠳᠠᠳᠠᠢ ᠳᠠᠭᠠᠨ | ᠰᠠᠭᠤᠷᠢᠯᠠᠵᠤ᠂ 《 ᠠᠷᠠᠳ ᠲᠤ ᠲᠥᠬᠦᠮ ᠦᠵᠡᠭᠦᠯᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠬᠥᠭᠵᠢᠯᠲᠡ | ᠶᠢ ᠠᠬᠢᠭᠤᠯᠬᠤ 》 ᠬᠠᠷᠠᠯᠳᠠ ᠶᠢᠨ ᠲᠤᠭᠤᠷᠢᠨ ᠳᠤ ᠦᠶᠯᠡᠴᠢᠯᠡᠭᠡᠨ ᠤ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ | ᠰᠢᠯᠢᠳᠡᠭᠵᠢᠭᠦᠯᠦᠨ᠂ ᠦᠶᠯᠡᠴᠢᠯᠡᠭᠡᠨ ᠤ ᠴᠢᠨᠠᠷ ᠴᠢᠨᠰᠠᠭ᠎ᠠ ᠪᠠᠨ ᠤᠯᠠᠮ ᠰᠠᠶᠢᠵᠢᠷᠠᠭᠤᠯᠵᠤ᠂ ᠦᠶᠯᠡᠴᠢᠯᠡᠭᠡᠨ ᠤ | ᠦᠷ᠎ᠡ ᠪᠦᠲᠦᠮᠵᠢ ᠪᠠᠨ ᠬᠦᠴᠦᠯᠡᠨ ᠳᠡᠭᠡᠭᠰᠢᠯᠡᠭᠦᠯᠵᠦ ᠣᠯᠠᠨ ᠲᠦᠮᠡᠨ ᠳᠤ ᠨᠡᠩ ᠴᠢᠨᠠᠷ ᠰᠠᠶᠢᠳᠠᠢ᠂ ᠨᠠᠩ ᠰᠡᠳᠬᠢᠯ | ᠬᠠᠨᠤᠮᠵᠢᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ ᠪᠠᠶᠢᠨ᠎ᠠ᠃ ︽ ᠦᠨᠦᠳᠦᠷ ᠬᠤᠷᠰᠢᠶᠠᠵᠢᠯ ᠤᠨ | ᠡᠵᠡᠩᠨᠡᠯᠲᠡ ᠶᠢᠨ ᠦᠨᠡᠮᠯᠡᠯ ᠢᠶᠠᠨ ᠬᠦᠢᠴᠡᠳᠭᠡᠬᠦ ᠪᠠᠷ ᠢᠷᠡᠵᠡᠢ᠂ ᠬᠡᠷᠡᠭᠰᠡᠬᠦ ᠮᠠᠲ᠋ᠧᠷᠢᠶᠠᠯ ᠢᠶᠠᠨ ᠲᠤᠰᠢᠶᠠᠭᠰᠠᠨ ᠤ | ᠳᠠᠷᠠᠭ᠎ᠠ ᠬᠠᠭᠠᠰ ᠡᠳᠦᠷ ᠪᠣᠯᠤᠯ ᠦᠭᠡᠢ ᠪᠠᠷ ᠡᠵᠡᠩᠨᠡᠯᠲᠡ ᠶᠢᠨ ᠦᠨᠡᠮᠯᠡᠯ ᠢᠶᠠᠨ ᠭᠠᠷᠳᠠᠯ᠎ᠠ᠂ ᠠᠵᠢᠯᠲᠠᠳ ᠤᠨ | ᠦᠶᠯᠡᠴᠢᠯᠡᠬᠦ ᠣᠪᠣᠷ ᠮᠠᠰᠢ ᠰᠠᠶᠢᠨ᠂ ᠣᠶᠢᠯᠠᠭᠠᠬᠤ ᠦᠬᠡᠢ ᠠᠰᠠᠭᠤᠳᠠᠯ ᠢ ᠬᠦᠯᠢᠴᠡᠩᠬᠦᠢ ᠪᠠᠷ ᠲᠠᠶᠢᠯᠪᠤᠷᠢᠯᠠᠵᠤ᠂ | ᠴᠢᠳᠠᠬᠤ ᠦᠬᠡᠢ ᠵᠦᠢᠯ ᠢ ᠬᠠᠮᠵᠢᠨ ᠲᠡᠮᠵᠢᠨ ᠬᠦᠢᠴᠡᠳᠭᠡᠴᠢᠬᠡᠨᠡ᠂ ᠮᠢᠨᠦ ᠬᠤᠪᠢ ᠳᠤ ᠮᠠᠰᠢ ᠬᠠᠨᠤᠮᠵᠢᠲᠠᠢ ︾ | ᠬᠡᠵᠦ ᠶᠦᠩ ᠹᠧᠩ ᠪᠠᠯᠭᠠᠰᠤᠨ ᠤ ᠭᠤᠸᠠᠩ ᠯᠢᠨ ᠱᠠᠨ ᠲᠣᠰᠬᠤᠨ ᠤ ᠴᠢᠦ ᠹᠧᠩ ᠵᠠᠩ ᠶᠠᠷᠢᠨᠠᠮ᠃ ᠴᠢᠦ ᠹᠧᠩ | ᠵᠠᠩ ᠤᠨ ᠠᠵᠢᠯ ᠶᠠᠪᠤᠳᠠᠯ ᠢᠶᠠᠨ ᠠᠮᠠᠷᠬᠠᠨ ᠭᠦᠢᠴᠡᠳᠬᠡᠭᠰᠡᠨ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ︽ᠨᠢᠭᠡ ᠯᠡ ᠤᠳᠠᠭ᠎ᠠ ᠳᠤ ᠰᠠᠶᠢᠨ ᠬᠦᠢᠴᠡᠳᠭᠡᠬᠦ︾ ᠦᠢᠯᠡᠴᠢᠯᠡᠭᠡᠨ ᠤ ᠪᠦᠳᠦᠮᠵᠢ ᠶᠢ | ᠬᠠᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠡ | ᠤᠳᠠᠭ᠎ᠠ ᠭᠦᠶᠦᠬᠦ︾ ᠶᠢ ᠪᠡᠶᠡᠯᠡᠬᠦᠯᠵᠡᠢ᠃ ᠦᠯᠦ ᠬᠥᠳᠡᠯᠬᠦ ᠬᠥᠷᠥᠩᠭᠡ ᠶᠢᠨ ᠦᠨᠡᠮᠯᠡᠯ ᠢᠶᠠᠨ ᠭᠦᠶᠴᠡᠳᠬᠡᠬᠦ ᠪᠠᠷ | ᠢᠷᠡᠭᠰᠡᠨ ᠪᠤᠤᠴᠠᠩ ᠪᠠᠯᠭᠠᠰᠤᠨ ᠤ ᠰᠠᠭᠤᠭᠠᠯᠢ ᠠᠷᠠᠳ ᠸᠠᠩ ᠸᠧᠶ ᠰᠤᠷᠪᠤᠯᠵᠢᠯᠠᠭᠴᠢ ᠳᠤ ︽ ᠬᠡᠷᠡᠭᠰᠡᠬᠦ ᠮᠠᠲ᠋ᠧᠷᠢᠶᠠᠯ | ᠢᠶᠠᠨ ᠪᠦᠷᠢᠨ ᠪᠡᠯᠡᠳᠬᠡᠭᠰᠡᠨ ᠤ ᠳᠠᠷᠠᠭ᠎ᠠ᠂ ᠦᠨᠡᠮᠯᠡᠯ ᠭᠦᠶᠴᠡᠳᠬᠡᠬᠦ ᠴᠤᠩᠬᠤᠪᠴᠢ ᠳᠤ ᠲᠤᠰᠢᠶᠠᠪᠠᠯ ᠪᠣᠯᠴᠢᠬᠠᠨ᠎ᠠ᠂ | ᠠᠬᠠᠳᠠᠬᠤ ᠳᠠᠭᠠᠨ ᠬᠤᠶᠠᠷ ᠡᠳᠦᠷ ᠲᠤ ᠦᠨᠡᠮᠯᠡᠯ ᠪᠠᠭᠤᠭᠠᠳ ᠢᠷᠡᠴᠢᠬᠡᠨ᠎ᠡ᠂ ᠤᠷᠢᠳᠤ ᠶᠢᠨ ᠬᠢ ᠰᠢᠭ ᠭᠡᠴᠢᠨᠡᠨ | ᠤᠳᠠᠭ᠎ᠠ ᠬᠦᠶᠦᠵᠦ ᠬᠡᠳᠦᠨ ᠬᠤᠨᠤᠭ ᠢᠶᠠᠷ ᠬᠦᠯᠢᠶᠡᠬᠦ ᠴᠢᠬᠤᠯᠠ ᠦᠭᠡᠢ ᠪᠤᠯᠵᠠᠢ᠂ ᠠᠵᠢᠯ ᠤᠨ ᠦᠷ᠎ᠡ ᠪᠦᠳᠦᠮᠵᠢ | ᠲᠤᠩ ᠰᠠᠶᠢᠨ ᠪᠠᠶᠢᠨ᠎ᠠ︾ ᠬᠡᠨ᠎ᠡ᠃ ᠬᠤᠶᠠᠷ ︽ᠵᠠᠭᠤᠨ ᠡᠳᠦᠷ ᠤᠨ ᠪᠣᠭᠤᠮᠲᠠ ᠰᠢᠪᠲᠤᠯᠬᠤ ︾ ᠠᠵᠢᠯᠯᠠᠭ᠎ᠠ ᠶᠢ | ᠦᠷᠨᠢᠬᠦᠯᠦᠭᠰᠡᠨ ᠠᠴᠠ ᠨᠠᠰᠢ᠂ ᠦᠢᠯᠡᠴᠢᠯᠡᠬᠡᠨ ᠤ ᠲᠢᠩᠬᠢᠮ ᠳᠤ ᠰᠠᠭᠤᠭ᠎ᠠ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠴᠤᠩᠬᠤᠪᠴᠢ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠵᠤᠬᠢᠴᠠᠭᠤᠯᠭ᠎ᠠ | ᠬᠢᠵᠦ ᠬᠦᠢᠴᠡᠳᠭᠡᠬᠦ ᠶᠠᠪᠤᠴᠠ ᠶᠢ ᠲᠦᠬᠦᠮᠴᠢᠯᠡᠬᠡᠳ᠂ ᠬᠦᠢᠴᠡᠳᠭᠡᠬᠦ ᠴᠠᠭ ᠤᠤᠯ ᠨᠢ ᠲᠠᠪᠤᠨ ᠡᠳᠦᠷ ᠪᠠᠶᠢᠭᠰᠠᠨ | ᠠᠴᠠ ᠪᠠᠨ ᠣᠲᠣ ᠨᠢᠭᠡ ᠠᠴᠠ ᠬᠤᠶᠠᠷ ᠡᠳᠦᠷ ᠪᠤᠯᠵᠤ᠂ ᠣᠯᠠᠨ ᠲᠦᠮᠡᠨ ᠳᠤ ᠶᠡᠬᠡᠬᠡᠨ ᠳᠥᠭᠦᠮ ᠪᠤᠯᠵᠠᠢ᠃ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠨᠢ ᠪᠠᠰᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ | ᠶᠢᠨ ᠲᠥᠪ ᠲᠠᠢ ᠬᠠᠮᠲᠤᠷᠠᠨ EMS ᠭᠤᠪᠢᠭᠤᠯᠭ᠎ᠠ ᠶᠢᠨ ᠠᠷᠭ᠎ᠠ ᠶᠢ ᠭᠡᠷᠡᠭᠵᠢᠬᠦᠯᠵᠦ᠂ ᠬᠦᠢᠴᠡᠳᠭᠡᠵᠦ | ᠲᠠᠭᠤᠰᠤᠭᠰᠠᠨ ᠦᠨᠡᠮᠯᠡᠯ ᠢ EMS ᠢᠶᠠᠷ ᠬᠡᠷ ᠲᠤᠨᠢ ᠬᠦᠷᠭᠡᠬᠦ ᠦᠢᠯᠡᠴᠢᠯᠡᠭᠡ ᠬᠠᠩᠭᠠᠵᠤ ᠪᠠᠶᠢᠨ᠎ᠠ᠃ |