《 ᠠᠮᠳᠠᠳᠤ ᠰᠢᠬᠢᠷ 》 ᠤᠨ ᠠᠵᠤ ᠦᠶᠯᠡᠰ ᠨᠢ ᠠᠵᠤ ᠦᠶᠯᠡᠳᠪᠦᠷᠢ ᠶᠢᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2021/12/15
《 ᠠᠮᠳᠠᠳᠤ ᠰᠢᠬᠢᠷ 》 ᠤᠨ ᠠᠵᠤ ᠦᠶᠯᠡᠰ ᠨᠢ ᠠᠵᠤ ᠦᠶᠯᠡᠳᠪᠦᠷᠢ ᠶᠢᠨ ᠬᠥᠭᠵᠢᠯᠲᠡ ᠶᠢ ᠠᠬᠢᠭᠤᠯᠤᠨ᠎ᠠ     ᠡᠪᠦᠯ ᠤᠨ ᠤᠯᠠᠷᠢᠯ ᠪᠣᠯ ᠰᠢᠬᠢᠷ ᠡᠳ᠋ᠰᠢᠬᠦᠯᠬᠦ ᠠᠵᠤ ᠠᠬᠤᠶᠢᠯᠠᠯ ᠤᠨ ᠰᠢᠵᠢᠷ ᠠᠯᠲᠠᠨ ᠦᠶᠯᠡᠳᠪᠦᠷᠢᠯᠡᠯ ᠤᠨ ᠬᠤᠭᠤᠴᠠᠭ᠎ᠠ ᠪᠣᠯᠤᠨ᠎ᠠ᠂ ᠰᠢᠯᠢ ᠶᠢᠨ ᠭᠤᠤᠯ ᠠᠶᠢᠮᠠᠭ ᠤᠨ ᠪᠠᠶ ᠬᠤᠶ ᠱᠧᠩ ᠰᠢᠬᠢᠷ ᠤᠨ ᠦᠶᠯᠡᠰ ᠤᠨ ᠬᠢᠵᠠᠭᠠᠷᠲᠤ ᠺᠣᠮᠫᠠᠨᠢ ᠳᠤ ᠬᠦᠷᠬᠦᠶ᠎ᠡ᠂ ᠠᠦ᠋ᠲ᠋ᠣᠴᠢᠯᠠᠭᠰᠠᠨ ᠰᠢᠬᠢᠷ ᠬᠢᠬᠦ ᠦᠶᠯᠡᠳᠪᠦᠷᠢᠯᠡᠯ ᠤᠨ ᠱᠤᠭᠤᠮ ᠨᠢ ᠶᠠᠭ ᠡᠳᠦᠷ ᠰᠦᠨᠢ ᠥᠬᠡᠶ ᠶᠠᠭᠠᠷᠠᠯᠳᠠᠢ ᠠᠵᠢᠯᠯᠠᠵᠤ᠂  ᠬᠡᠷᠴᠢᠬᠦ᠂  ᠴᠡᠪᠡᠷᠯᠡᠬᠦ᠂ ᠱᠦᠭᠦᠬᠦ᠂ ᠠᠭᠤᠷᠰᠢᠭᠤᠯᠬᠤ᠂ ᠲᠠᠯᠠᠰᠵᠢᠭᠤᠯᠬᠤ᠂ ᠰᠠᠯᠭᠠᠬᠤ᠂ ᠪᠣᠭᠤᠳᠠᠯᠯᠠᠬᠤ ᠵᠡᠷᠭᠡ ᠠᠯᠬᠤᠮ ᠶᠠᠪᠤᠴᠠ ᠪᠠᠷ ᠳᠠᠮᠵᠢᠭᠠᠳ᠂  ᠤᠭᠤᠲᠠ ᠤᠭᠤᠲᠠ ᠠᠮᠳᠠᠳᠤ ᠴᠠᠭᠠᠨ ᠰᠢᠬᠢᠷ ᠢ《 ᠲᠦᠷᠦᠬᠦᠯᠦᠨ᠎ᠡ 》᠃     ᠰᠢᠯᠢ ᠶᠢᠨ ᠭᠤᠤᠯ ᠠᠶᠢᠮᠠᠭ ᠤᠨ ᠪᠠᠶ ᠬᠤᠶ ᠱᠧᠩ ᠰᠢᠬᠢᠷ ᠤᠨ ᠦᠶᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ ᠵᠥᠩ ᠴᠧᠩ ᠬᠦᠶ᠄ ︽ ᠮᠠᠨ ᠤ  ᠺᠤᠮᠫᠠᠨᠢ ᠡᠨᠡ ᠵᠢᠯ ᠨᠡᠶᠢᠲᠡ 50 ᠲᠦᠮᠡᠨ ᠲᠣᠨ ᠰᠢᠬᠢᠷ ᠯᠤᠤᠪᠠᠩ ᠬᠤᠳᠠᠯᠳᠤᠨ ᠠᠪᠴᠤ᠂ ᠣᠲᠣ ᠪᠣᠯᠲᠠᠯ᠎ᠠ ᠨᠢᠭᠡᠨᠲᠡ 44 ᠲᠦᠮᠡᠨ ᠲᠣᠨ ᠢ ᠨᠢ ᠡᠳ᠋ᠰᠢᠬᠦᠯᠦᠨ ᠪᠤᠯᠪᠠᠰᠤᠷᠠᠭᠤᠯᠵᠠᠢ᠂ ᠵᠢᠱᠢᠯᠲᠡ ᠪᠠᠷ 5 ᠳ᠋ᠦᠩᠰᠢᠭᠤᠷ ᠲᠥᠭᠦᠷᠢᠭ ᠤᠨ ᠦᠶᠯᠡᠳᠬᠦᠨ ᠤ ᠥᠷᠲᠡᠭ ᠢ ᠪᠡᠶᠡᠯᠡᠭᠦᠯᠬᠦ ᠪᠣᠯᠤᠨ᠎ᠠ᠃ ᠢᠷᠡᠬᠦ ᠵᠢᠯ ᠪᠢᠳᠡ ᠰᠢᠬᠢᠷ ᠯᠤᠤᠪᠠᠩ ᠲᠠᠷᠢᠬᠤ ᠠᠵᠢᠯ ᠢᠶᠠᠨ ᠰᠠᠶᠢᠲᠤᠷ ᠲᠥᠯᠥᠪᠯᠡᠨ ᠰᠠᠶᠢᠲᠤᠷ ᠪᠠᠶᠢᠷᠢᠯᠠᠭᠤᠯᠵᠤ᠂  ᠦᠢᠯᠡᠳᠬᠦᠨ ᠤ ᠥᠷᠲᠡᠭ ᠪᠣᠯᠤᠨ ᠦᠷ᠎ᠡ ᠠᠰᠢᠭ ᠤᠨ ᠬᠤᠣᠰ ᠨᠡᠮᠡᠭᠳᠡᠯ ᠢ ᠪᠡᠶᠡᠯᠡᠬᠦᠯᠦᠨ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ  ︾᠃     ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ 2018 ᠣᠨ ᠤ 10 ᠰᠠᠷ᠎ᠠ ᠶᠢᠨ 15 ᠤ ᠡᠳᠦᠷ  ᠪᠠᠶᠢᠭᠤᠯᠤᠭᠳᠠᠵᠤ᠂  ᠲᠠᠩᠰᠠᠯᠠᠭᠤᠯᠤᠭᠰᠠᠨ ᠬᠦᠷᠦᠩᠭᠡ ᠮᠦᠩᠬᠦ 5000 ᠲᠦᠮᠡᠨ ᠲᠥᠭᠦᠷᠢᠭ  ᠂  ᠭᠡᠷᠡᠭᠯᠡᠭᠰᠡᠨ ᠲᠠᠯᠠᠪᠠᠢ 500 ᠮᠦ  ᠂  ᠶᠡᠷᠦᠩᠬᠡᠢ ᠪᠡᠯᠡ ᠣᠷᠣᠭᠤᠯᠤᠯᠲᠠ 6.14 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 100 ᠲᠦᠮᠡᠨ ᠲᠣᠨ ᠰᠢᠬᠢᠷ ᠯᠤᠤᠪᠠᠩ ᠡᠳ᠋ᠰᠢᠬᠦᠯᠦᠨ᠂  600 ᠭᠠᠷᠤᠢ ᠬᠥᠮᠦᠨ ᠳᠤ ᠠᠵᠢᠯ  ᠤᠯᠭᠤᠵᠤ ᠪᠠᠶᠢᠭ᠎ᠠ ᠶᠤᠮ᠃ 2018 — 2021 ᠤᠨ ᠬᠦᠷᠳᠡᠯᠡᠬᠢ ᠭᠤᠷᠪᠠᠨ ᠵᠢᠯ ᠳᠤ ᠨᠡᠶᠢᠲᠡ 190 ᠲᠦᠮᠡᠨ ᠲᠣᠨ ᠰᠢᠬᠢᠷ ᠯᠤᠤᠪᠠᠩ ᠪᠣᠯᠪᠠᠰᠤᠷᠠᠭᠤᠯᠵᠤ᠂ ᠦᠢᠯᠡᠳᠬᠦᠨ ᠤ ᠥᠷᠲᠡᠭ ᠨᠢ 14.6 ᠳ᠋ᠦᠩᠰᠢᠭᠤᠷ ᠲᠥᠭᠦᠷᠢᠭ ᠲᠤ ᠬᠦᠷᠪᠡ᠃ ᠪᠠᠢ ᠬᠤᠢ ᠱᠧᠩ ᠤᠨ ᠬᠥᠭᠵᠢᠯᠲᠡ ᠪᠣᠯ ᠲᠠᠶᠢᠹᠤᠰᠧ ᠬᠤᠰᠢᠭᠤᠨ ᠤ ᠠᠵᠤ ᠦᠶᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠨᠢᠭᠡᠨ ᠬᠤᠷᠢᠶᠠᠩᠭᠤᠢ ᠳᠦᠷᠰᠦ ᠪᠣᠯᠤᠨ᠎ᠠ᠂ ᠦᠷ᠎ᠡ ᠶᠢᠨ ᠵᠢᠯ ᠳᠤ᠂  ᠲᠠᠶᠢᠹᠤᠰᠧ ᠬᠤᠰᠢᠭᠤ   ᠨᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠤᠨ᠂ ᠨᠢᠭᠡ ᠪᠦᠯᠦᠭ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠬᠥᠭᠵᠢᠯᠲᠡ ᠶᠢᠨ ᠢᠷᠡᠭᠡᠳᠦᠢ ᠰᠠᠶᠢᠨ ᠲᠣᠮᠣ ᠲᠥᠷᠦᠯ ᠵᠦᠢᠯ ᠢ ᠢᠳᠡᠪᠬᠢᠲᠡᠢ ᠡᠷᠡᠮᠡᠯᠵᠡᠯᠡᠵᠦ ᠤᠯᠬᠤ ᠪᠤᠶᠤ ᠤᠷᠢᠵᠤ ᠤᠷᠤᠭᠤᠯᠤᠭᠠᠳ᠂ ᠪᠦᠬᠦ ᠬᠤᠰᠢᠭᠤᠨ ᠤ ᠠᠵᠤ ᠦᠶᠯᠡᠳᠪᠦᠷᠢ  ᠶᠢᠨ ᠠᠵᠤ ᠠᠬᠤᠢ ᠶᠢᠨ ᠬᠥᠭᠵᠢᠯᠲᠡ ᠳᠤ 《 ᠣᠯᠠᠨ ᠲᠠᠯ᠎ᠠ ᠪᠠᠷ ᠴᠡᠴᠡᠭᠯᠡᠨ ᠬᠥᠭᠵᠢᠭᠰᠡᠨ 》 ᠰᠠᠶᠢᠨ ᠰᠠᠶᠢᠬᠠᠨ ᠪᠠᠶᠢᠳᠠᠯ  ᠢᠯᠡᠷᠡᠵᠡᠢ᠃ 11 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ 17 ᠡᠷᠦᠬᠡ ᠬᠡᠪᠴᠢᠶᠡᠵᠢᠯ  ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠨᠢ ᠨᠡᠶᠢᠲᠡ 218076 ᠲᠦᠮᠡᠨ ᠲᠥᠭᠦᠷᠢᠭ ᠤᠨ ᠦᠶᠯᠡᠳᠬᠦᠨ ᠤ ᠥᠷᠲᠡᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 89527 ᠲᠦᠮᠡᠨ ᠲᠥᠭᠦᠷᠢᠭ ᠨᠡᠮᠡᠭᠳᠡᠵᠦ᠂ 69.6 % ᠪᠠᠷ ᠲᠡᠭᠡᠭᠰᠢᠯᠡᠭᠰᠡᠨ ᠪᠠᠶᠢᠨ᠎ᠠ᠃  ᠬᠤᠩ ᠵᠢᠩ ᠶᠤᠸᠠᠨ ᠲᠤᠰᠤ ᠰᠢᠬᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠱᠧᠩ ᠲᠠᠢ ᠡᠯ  ᠰᠢᠨᠵᠢᠯᠡᠭᠡ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂  ᠰᠢᠨ ᠭᠠᠩ  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂   ᠵᠦᠩ ᠰᠦ᠋ ᠢᠯᠴᠢ ᠬᠠᠩᠭᠠᠬᠤ ᠬᠢᠵᠠᠭᠠᠷᠲᠤ ᠺᠣᠮᠫᠠᠨᠢ᠂ ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ᠂  ᠱᠧᠨ ᠨᠧᠩ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠵᠡᠷᠭᠡ 6 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ  ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ ᠦᠢᠯᠡᠳᠬᠦᠨ ᠤ ᠦᠷᠲᠡᠭ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠨᠡᠮᠡᠭᠳᠡᠯ ᠨᠢ ᠪᠦᠷ 50% ᠶᠢ ᠳᠠᠪᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号