ᠰᠡᠳᠬᠢᠯ ᠲᠤᠯᠠᠭᠠᠯᠠᠭᠰᠠᠨ ᠬᠢᠮᠳᠠ ᠨᠡᠬᠦᠷᠡᠰᠦ
ᠨᠡᠶᠢᠲᠡᠯᠡᠭᠰᠡᠨ ᠴᠠᠭ᠄
2021/12/15
 ︽ᠮᠠᠨ ᠤ ᠬᠢᠨ  ᠡᠪᠦᠯ ᠳᠡᠭᠡᠨ ᠪᠠᠷᠤᠭ 2 ᠲᠣᠨ ᠣᠷᠴᠢᠮ ᠨᠡᠬᠦᠷᠡᠰᠦ ᠬᠡᠷᠡᠭᠰᠡᠨ᠎ᠡ᠂  ᠨᠡᠭᠦᠷᠡᠰᠦᠨ ᠤ ᠦᠨ᠎ᠡ ᠪᠠᠭᠤᠷᠠᠬᠤ ᠶᠢ ᠬᠦᠰᠡᠭᠰᠡᠭᠡᠷ ᠢᠷᠡᠭᠰᠡᠨ᠂ ᠣᠲᠣ ᠰᠠᠶᠢᠨ ᠪᠣᠯᠤᠯ᠎ᠠ᠂   ᠵᠠᠰᠠᠭ ᠤᠨ ᠣᠷᠳᠣᠨ ᠠᠴᠠ ᠬᠢᠮᠳᠠ ᠨᠡᠭᠦᠷᠡᠰᠦᠨ ᠤ ᠲᠥᠷᠥ ᠶᠢᠨ ᠪᠣᠳᠣᠯᠭ᠎ᠠ ᠶᠢ ᠭᠡᠷᠡᠭᠵᠢᠬᠦᠯᠦᠭᠰᠡᠨ ᠢᠶᠠᠷ  ᠲᠤᠯᠠᠭᠠᠯᠠᠭ᠎ᠠ ᠶᠢᠨ ᠠᠰᠠᠭᠤᠳᠠᠯ ᠰᠢᠢᠳᠪᠦᠷᠢᠯᠡᠭᠳᠡᠵᠦ᠂ ᠰᠡᠳᠬᠢᠯ ᠤᠨ ᠵᠤᠪᠠᠨᠢᠯ ᠲᠠᠶᠢᠯᠤᠭᠳᠠᠯ᠎ᠠ᠃  ᠮᠠᠨᠠᠶᠢᠬᠢᠨ ᠤ ᠵᠠᠷᠢᠮ ᠠᠶᠢᠯ ᠨᠢ ᠨᠢᠬᠡᠨᠳᠡ ᠨᠡᠬᠦᠷᠡᠰᠦ ᠪᠠᠨ ᠲᠡᠭᠡᠭᠡᠵᠦ ᠠᠪᠠᠴᠢᠭᠠᠳ  ᠲᠦᠯᠡᠵᠦ ᠡᠬᠢᠯᠡᠵᠡᠢ  ︾ ᠭᠡᠵᠦ  ᠴᠢᠶᠠᠨ ᠶᠢᠨ ᠭᠸᠤ ᠪᠠᠯᠭᠠᠰᠤᠨ ᠤ ᠰᠢᠩ ᠯᠦᠩ ᠭᠸᠤ ᠲᠣᠰᠬᠤᠨ ᠤ ᠲᠠᠷᠢᠶᠠᠴᠢᠨ ᠮᠢᠶᠤᠤ ᠢᠤᠢ ᠨᠡᠭᠦᠷᠡᠰᠦ ᠪᠠᠨ ᠲᠡᠭᠡᠭᠡᠬᠦ ᠶᠢᠨ ᠳᠠᠭᠠᠤ ᠶᠠᠷᠢᠵᠤ ᠭᠠᠷᠤᠯ᠎ᠠ᠃ ᠬᠡᠳᠦᠨ ᠡᠳᠦᠷ ᠤᠨ ᠲᠤᠷᠰᠢ᠂  ᠲᠠᠶᠢᠹᠤᠰᠧ ᠬᠤᠰᠢᠭᠤᠨ ᠤ ᠬᠢᠮᠳᠠ ᠨᠡᠭᠦᠷᠡᠰᠦᠨ ᠤ ᠬᠠᠩᠭᠠᠯᠭ᠎ᠠ ᠶᠢᠨ ᠴᠡᠭ ᠪᠤᠯᠤᠭᠰᠠᠨ ᠱᠧᠨ ᠨᠧᠩ ᠢᠯᠴᠢ ᠴᠠᠬᠢᠯᠭᠠᠨ ᠤ ᠬᠠᠮ ᠦᠢᠯᠡᠳᠪᠦᠷᠢ ᠶᠢᠨ ᠬᠦᠷᠢᠶᠡᠨ ᠳᠤ ᠨᠡᠭᠦᠷᠡᠰᠦ ᠠᠪᠬᠤ ᠮᠠᠯᠴᠢᠨ ᠲᠠᠷᠢᠶᠠᠴᠢᠨ ᠲᠠᠰᠤᠷᠠᠭ᠎ᠠ ᠦᠭᠡᠢ ᠴᠤᠪᠤᠷᠠᠨ᠎ᠠ᠃  ᠠᠳᠡᠬᠢ ᠠᠵᠢᠯᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠮᠠᠯᠴᠢᠨ ᠲᠠᠷᠢᠶᠠᠴᠢᠨ ᠤ ᠨᠡᠭᠦᠷᠡᠰᠦ ᠵᠦᠬᠡᠬᠡᠪᠦᠷᠢᠯᠡᠬᠦ ᠶᠠᠪᠤᠴᠠ ᠳᠠᠬᠢ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠂  ᠤᠷᠢᠳᠠᠪᠠᠷ ᠲᠷᠠᠺᠲ᠋ᠣᠷ᠂ ᠭᠤᠷᠪᠠᠨ ᠬᠦᠷᠳᠦᠲᠦ ᠲᠡᠷᠭᠡ ᠲᠠᠢ ᠬᠦᠮᠦᠰ ᠲᠤ ᠨᠡᠬᠦᠷᠡᠰᠦ ᠶᠢ ᠲᠡᠭᠡᠭᠡᠨ ᠦᠭᠴᠦ᠂  ᠲᠡᠳᠡᠨ ᠤ  ᠤᠷᠤᠢ ᠪᠦᠷᠦᠢ ᠪᠣᠯᠬᠤ ᠠᠴᠠ ᠡᠮᠦᠨ᠎ᠡ ᠠᠮᠤᠷ ᠲᠦᠪᠰᠢᠨ ᠢᠶᠠᠷ ᠬᠠᠷᠢᠬᠤ ᠶᠢ  ᠪᠠᠳᠤᠯᠠᠵᠤ ᠪᠠᠶᠢᠭ᠎ᠠ ᠬᠡᠨ᠎ᠡ ᠃  ᠮᠠᠯᠴᠢᠨ ᠲᠠᠷᠢᠶᠠᠴᠢᠨ ᠤ ᠡᠪᠦᠯ ᠤᠨ ᠳᠤᠯᠠᠭᠠᠯᠠᠭ᠎ᠠ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠠᠶᠢᠪᠤᠰᠧ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ  ︽ᠠᠷᠠᠳ ᠲᠦᠮᠡᠨ ᠢᠶᠠᠷ ᠭᠤᠤᠯ ᠪᠣᠯᠭᠠᠬᠤ  ︾ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠨᠡᠬᠦᠷᠡᠰᠦ ᠬᠠᠩᠭᠠᠬᠤ ᠠᠵᠢᠯ ᠢ ᠣᠳᠣᠬᠠᠨ ᠤ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠨ᠂  ᠡᠷᠳᠡ ᠠᠴᠠ ᠲᠥᠯᠥᠪᠵᠢᠭᠦᠯᠵᠦ᠂ ᠨᠢᠮᠪᠠᠶ ᠪᠠᠶᠢᠷᠢᠯᠠᠭᠤᠯᠤᠨ᠂  ᠡᠷᠦᠬᠡ ᠲᠠᠷᠠᠭᠠᠯᠠᠨ ᠤᠶᠢᠯᠠᠭᠠᠨ ᠪᠠᠶᠢᠴᠠᠭᠠᠭᠰᠠᠨ ᠤ ᠰᠠᠭᠤᠷᠢᠨ ᠲᠡᠭᠡᠷ᠎ᠡ᠂  ᠲᠣᠨ ᠪᠦᠷᠢ   ᠳᠡᠭᠡᠨ 335.5  ᠲᠦᠬᠦᠷᠢᠭ ᠤᠨ ᠬᠢᠮᠳᠠ ᠦᠨ᠎ᠡ ᠪᠠᠷ ᠡᠷᠦᠬᠡ ᠪᠦᠷᠢ ᠳᠤ 2 ᠲᠣᠨ ᠨᠡᠭᠦᠷᠡᠰᠦ ᠬᠠᠩᠭᠠᠵᠤ᠂ ᠣᠯᠠᠨ ᠲᠦᠮᠡᠨ ᠤ  ᠡᠪᠦᠯ ᠤᠨ ᠲᠤᠯᠠᠭᠠᠯᠠᠭ᠎ᠠ   ᠶᠢᠨ ᠪᠠᠴᠢᠮ ᠭᠡᠷᠡᠭᠴᠡᠭᠡ ᠶᠢ ᠰᠢᠢᠳᠪᠦᠷᠢᠯᠡᠬᠦ  ᠪᠠᠷ ᠪᠤᠯᠵᠠᠢ᠃ ᠡᠶᠢᠨ ᠬᠦ᠋  ᠂ ᠤᠳᠤ ᠪᠣᠯᠲᠠᠯ᠎ᠠ 2600 ᠭᠠᠷᠤᠢ ᠡᠷᠦᠬᠡ ᠳᠤ ᠨᠡᠶᠢᠳᠡ 5000 ᠲᠣᠨ ᠣᠷᠴᠢᠮ  ᠤᠨ  ᠬᠢᠮᠳᠠ ᠦᠨᠡᠲᠦ ᠨᠡᠭᠦᠷᠡᠰᠦ ᠶᠢ ᠲᠠᠷᠬᠠᠭᠠᠵᠤ  ᠂  ᠤᠯᠠᠨ ᠲᠦᠮᠡᠨ ᠤ ︽ᠶᠠᠭᠠᠷᠠᠵᠤ᠂ ᠵᠤᠪᠠᠵᠤ᠂ ᠬᠦᠴᠢᠷᠳᠡᠵᠦ᠂ ᠬᠦᠰᠡᠵᠦ︾  ᠪᠠᠶᠢᠭᠰᠠᠨ  ᠲᠤᠮᠤ ᠠᠰᠠᠭᠤᠳᠠᠯ ᠢ ᠰᠢᠢᠳᠪᠦᠷᠢᠯᠡᠬᠡᠳ᠂  ᠬᠢᠮᠳᠠ ᠨᠡᠬᠦᠷᠡᠰᠦᠨ ᠤ ᠬᠠᠩᠭᠠᠯᠭ᠎ᠠ ᠨᠢ ᠮᠠᠯᠴᠢᠨ ᠲᠠᠷᠢᠶᠠᠴᠢᠨ ᠤ  ᠪᠡᠶ᠎ᠡ ᠰᠡᠳᠬᠢᠯ ᠢ ᠨᠢ ᠲᠤᠯᠠᠭᠠᠯᠠᠭᠰᠠᠨ  ︽ᠬᠠᠯᠠᠮᠵᠢ ᠶᠢᠨ ᠢᠨᠵᠧᠨᠧᠷᠢᠩ︾  ᠪᠤᠯᠤᠯ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号