ᠡᠪᠦᠯ ᠤᠨ ᠤᠯᠠᠷᠢᠯ ᠤᠨ ᠣᠯᠢᠮᠫᠢᠺ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠴᠤᠭᠯᠠᠭᠠᠨ ᠤ ᠬᠤᠭᠤᠴᠠᠭᠠᠨ ᠳᠤ ᠫᠤᠤᠵᠢᠩ ᠢ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2021/12/16
  2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠭᠠᠷ ᠤᠨ  ᠴᠢᠨᠰᠠᠭ᠎ᠠ ᠶᠢ ᠪᠠᠲᠤᠯᠠᠬᠤ ᠬᠠᠮᠵᠢᠯᠴᠠᠭᠠᠨ ᠤ ᠭᠠᠵᠠᠷ ᠣᠷᠣᠨ ᠪᠣᠯᠤᠭᠰᠠᠨ ᠬᠤᠪᠢ ᠳᠤ᠂ ᠲᠠᠶᠢᠹᠤᠰᠧ ᠬᠤᠰᠢᠭᠤ ᠨᠢ  ᠦᠪᠡᠳᠡᠭᠰᠢ ᠴᠤᠭᠯᠠᠭᠠᠨ ᠤ ᠤᠷᠤᠭᠰᠢᠲᠠᠶ ᠶᠠᠪᠤᠭᠳᠠᠯ ᠪᠠ ᠠᠷᠠᠳ ᠣᠯᠠᠨ ᠤ ᠡᠷᠡᠭᠦᠯ ᠮᠡᠨᠳᠦ ᠶᠢ ᠦᠨᠡᠨ ᠬᠦ ᠪᠠᠲᠤᠯᠠᠵᠤ᠂ ᠣᠷᠴᠢᠨ ᠲᠣᠭᠤᠷᠢᠨ  ᠬᠢᠭᠡᠳ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠳᠡᠭᠡᠳᠦ ᠱᠠᠲᠤᠨ ᠤ ᠬᠠᠮᠢᠶ᠎ᠠ ᠪᠦᠬᠦᠢ ᠲᠣᠭᠲᠠᠭᠠᠯ ᠱᠠᠭᠠᠷᠳᠠᠯᠭ᠎ᠠ ᠶᠣᠰᠣᠭᠠᠷ  ︽ᠬᠤᠶᠠᠷ ᠴᠤᠭᠯᠠᠭᠠᠨ  ︾ ᠢ ᠡᠷᠭᠢᠯᠡᠬᠦ ᠬᠤᠭᠤᠴᠠᠭᠠᠨ ᠳᠤ  ᠫᠤᠤᠵᠢᠩ ᠬᠤᠳᠠᠯᠳᠤᠵᠤ ᠫᠤᠤᠵᠢᠩ ᠲᠠᠯᠪᠢᠬᠤ ᠶᠢ ᠴᠠᠭᠠᠵᠠᠯᠠᠬᠤ ᠪᠠᠷ ᠲᠤᠭᠳᠠᠭᠠᠳ᠂ ᠬᠤᠯᠪᠤᠭᠳᠠᠬᠤ ᠵᠦᠶᠯᠡᠰ ᠢ ᠳᠣᠤᠷᠠᠬᠢ ᠮᠡᠲᠦ ᠵᠠᠷᠯᠠᠨ ᠮᠡᠳᠡᠭᠳᠡᠪᠡ᠄       ᠨᠢᠭᠡ᠂  ᠴᠠᠭᠠᠵᠠᠯᠠᠬᠤ ᠬᠤᠭᠤᠴᠠᠭ᠎ᠠ       2022 ᠣᠨ ᠤ 1 ᠰᠠᠷ᠎ᠠ ᠶᠢᠨ 1 ᠤ ᠡᠳᠦᠷ   ᠠᠴᠠ 2022 ᠣᠨ ᠤ 3 ᠰᠠᠷ᠎ᠠ ᠶᠢᠨ 20 ᠤ ᠡᠳᠦᠷ  ᠬᠦᠷᠳᠡᠯ᠎ᠡ᠃       ᠬᠤᠶᠠᠷ᠂ ᠴᠠᠭᠠᠵᠠᠯᠠᠬᠤ  ᠬᠡᠪᠴᠢᠶ᠎ᠡ       ᠲᠠᠶᠢᠹᠤᠰᠧ ᠬᠤᠰᠢᠭᠤᠨ ᠤ ᠵᠠᠰᠠᠭ ᠵᠠᠬᠢᠷᠭᠠᠨ ᠤ ᠣᠷᠣᠨ᠃       ᠭᠤᠷᠪᠠ᠂  ᠴᠠᠭᠠᠵᠠᠯᠠᠬᠤ ᠠᠭᠤᠯᠭ᠎ᠠ       ᠫᠤᠤᠵᠢᠩ ᠬᠤᠳᠠᠯᠳᠤᠵᠤ ᠫᠤᠤᠵᠢᠩ ᠲᠠᠯᠪᠢᠬᠤ ᠶᠢ ᠪᠥᠬᠦ ᠲᠠᠯ᠎ᠠ ᠪᠠᠷ ᠴᠠᠭᠠᠵᠠᠯᠠᠬᠤ ᠶᠢᠨ ᠬᠠᠮᠳᠤ᠂  ᠬᠦᠳᠡᠭᠡ ᠭᠠᠳᠠᠭ᠎ᠠ ᠲᠦᠯᠡᠰᠢ ᠰᠢᠳᠠᠭᠠᠵᠤ ᠭᠠᠯ ᠨᠤᠴᠤᠭᠠᠬᠤ ᠶᠢ ᠴᠠᠭᠠᠵᠠᠯᠠᠨ᠎ᠠ᠃       ᠳᠥᠷᠪᠡ᠂  ᠴᠠᠭᠠᠵᠠᠯᠠᠬᠤ ᠱᠠᠭᠠᠷᠳᠠᠯᠭ᠎ᠠ      1. ᠫᠤᠤᠵᠢᠩ ᠬᠤᠳᠠᠯᠳᠤᠵᠤ ᠫᠤᠤᠵᠢᠩ ᠲᠠᠯᠪᠢᠬᠤ ᠶᠢ ᠴᠠᠭᠠᠵᠠᠯᠠᠬᠤ ᠳᠤ 《 ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠬᠤ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ᠂ ᠦᠨᠳᠦᠰᠦᠨ ᠱᠠᠲᠤᠨ ᠠᠴᠠ ᠬᠡᠷᠡᠭᠵᠢᠭᠦᠯᠬᠦ᠂ ᠨᠡᠶᠢᠭᠡᠮ ᠨᠡᠶᠢᠳᠡ ᠪᠠᠷ ᠢᠶᠠᠨ ᠣᠷᠣᠯᠴᠠᠬᠤ 》 ᠠᠷᠭ᠎ᠠ  ᠮᠠᠶ᠋ᠢᠭ ᠢᠶᠠᠷ ᠬᠠᠤᠯᠢ ᠲᠦᠷᠢᠮ ᠤᠨ ᠲᠠᠭᠠᠤ  ᠶᠠᠪᠤᠭᠳᠠᠭᠤᠯᠤᠨ᠎ᠠ᠃      2. ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ  ᠬᠢᠭᠡᠳ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠫᠠᠨᠢ ᠵᠡᠷᠭᠡ ᠨᠢ ᠫᠤᠤᠵᠢᠩ  ᠴᠠᠭᠠᠵᠠᠯᠠᠬᠤ ᠤᠬᠠᠭᠤᠯᠭ᠎ᠠ᠂ ᠬᠦᠮᠦᠵᠢᠯ᠂ ᠵᠢᠯᠤᠭᠤᠳᠤᠯᠭ᠎ᠠ᠂ ᠬᠠᠮᠢᠶᠠᠷᠤᠯᠳᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ ᠣᠷᠴᠢᠨ ᠲᠣᠭᠤᠷᠢᠨ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ᠂ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ᠂  ᠠᠮᠤᠷ ᠢ ᠬᠠᠮᠠᠭᠠᠯᠠᠬᠤ ᠵᠢᠴᠢ ᠵᠠᠮ ᠬᠠᠷᠢᠯᠴᠠᠭ᠎ᠠ  ᠂ ᠬᠠᠩᠭᠠᠨ ᠪᠤᠷᠤᠯᠠᠭᠤᠯᠭ᠎ᠠ ᠶᠢᠨ ᠬᠠᠮᠢᠶᠠᠳᠠᠢ ᠰᠠᠯᠠᠭ᠎ᠠ ᠮᠥᠴᠢᠷ ᠨᠢ ᠡᠷᠳᠡ ᠠᠴᠠ ᠠᠷᠭ᠎ᠠ ᠲᠦᠰᠦᠪ ᠲᠤᠭᠳᠠᠭᠠᠵᠤ᠂ ᠡᠬᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠬᠠᠮ ᠵᠠᠭᠤᠴᠢᠯᠠᠭᠤᠷ ᠤᠨ ᠲᠥᠪ ᠨᠢ ᠷᠠᠳᠢᠣ᠋᠂ ᠲᠧᠯᠸᠢᠰ᠂ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠤᠬᠠᠭᠤᠯᠭ᠎ᠠ ᠶᠢᠨ ᠠᠵᠢᠯ ᠢ ᠰᠠᠶᠢᠨ ᠬᠢᠵᠦ᠂ ᠠᠵᠤ ᠠᠬᠤᠶᠢᠯᠠᠯ᠂ ᠰᠤᠷᠭᠠᠭᠤᠯᠢ ᠨᠤᠭᠤᠳ ᠨᠢ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠦᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠡᠨᠡᠬᠦ ᠠᠵᠢᠯ ᠢ ᠬᠠᠮᠲᠤᠪᠠᠷ ᠰᠠᠶᠢᠨ ᠬᠢᠬᠦ ᠬᠡᠷᠡᠭᠲᠡᠶ᠃       3. ᠫᠤᠤᠵᠢᠩ ᠤᠨ ᠵᠦᠢᠯ ᠢ ᠬᠠᠤᠯᠢ ᠪᠤᠰᠤ ᠪᠠᠷ ᠦᠶᠯᠡᠳᠪᠦᠷᠢᠯᠡᠵᠦ᠂ ᠡᠵᠡᠩᠨᠡᠵᠦ᠂ ᠲᠡᠭᠡᠭᠡᠪᠦᠷᠢᠯᠡᠭᠡᠳ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠤᠯᠢ ᠳᠦᠷᠢᠮ ᠠᠴᠠ ᠵᠦᠷᠢᠴᠡᠪᠡᠯ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠲᠤᠷᠭᠤᠭᠤᠯᠢ ᠦᠭᠴᠦ᠂  ᠶᠠᠯᠠᠳᠤ ᠠᠵᠢᠯᠯᠠᠭ᠎ᠠ ᠪᠤᠯᠤᠭᠰᠠᠨ ᠪᠤᠯ  ᠬᠠᠤᠯᠢ ᠶᠣᠰᠣᠭᠠᠷ ᠡᠷᠡᠭᠦᠦ ᠶᠢᠨ ᠭᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      4. ᠲᠣᠰ ᠮᠡᠳᠡᠭᠳᠡᠯ ᠢ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                              ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ                                2021 ᠣᠨ ᠤ 12 ᠰᠠᠷ᠎ᠠ ᠶᠢᠨ 15 ᠤ ᠡᠳᠦᠷ  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号