ᠬᠤᠷᠢᠮ ᠨᠠᠶᠢᠷ ᠤᠨ ᠭᠠᠵᠠᠷ ᠢ ᠪᠠᠶᠢᠴᠠᠭᠠᠵᠤ ᠬᠢᠵᠢᠭ ᠰᠡᠷᠭᠡᠶᠢᠯᠡᠬᠦ ᠬᠠᠮᠢᠶᠠᠷᠤᠯᠳᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2021/12/17
  ᠲᠠᠶᠢᠹᠤᠰᠧ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠢ ᠭᠦᠨᠵᠡᠭᠡᠶ  ᠲᠤᠤᠱᠯᠠᠭᠤᠯᠵᠤ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠠᠵᠢᠯ ᠲᠦᠷᠦᠯ ᠤᠨ ᠬᠢᠵᠢᠭ  ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠳᠤᠷ ᠨᠠᠶᠢᠳᠠᠪᠤᠷᠢᠵᠢᠭᠤᠯᠤᠨ᠂  ᠰᠡᠷᠭᠡᠶᠢᠯᠡᠨ ᠡᠵᠡᠮᠳᠡᠬᠦ ᠲᠣᠤᠷ ᠢ ᠦ ᠵᠠᠢ ᠦᠬᠡᠢ ᠨᠢᠭᠲᠠ ᠰᠦᠯᠵᠢᠬᠦ ᠶᠢᠨ ᠲᠥᠯᠥᠭᠡ᠂ 12 ᠰᠠᠷ᠎ᠠ ᠶᠢᠨ 13 ᠤ ᠡᠳᠦᠷ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ  ᠬᠢᠨᠠᠨ ᠬᠠᠮᠢᠶᠠᠷᠬᠤ ᠲᠣᠪᠴᠢᠶ᠎ᠠ ᠨᠢ  ᠪᠤᠤᠴᠠᠩ ᠪᠠᠯᠭᠠᠰᠤᠨ ᠤ ᠬᠤᠷᠢᠮ ᠨᠠᠶᠢᠷ  ᠳᠠᠭᠠᠭᠠᠴᠢᠯᠠᠨ ᠡᠷᠭᠢᠯᠡᠬᠦ 7 ᠡᠷᠦᠬᠡ  ᠲᠣᠮᠣ ᠬᠡᠯᠪᠡᠷᠢ  ᠶᠢᠨ ᠬᠤᠭᠤᠯᠠᠨ ᠭᠡᠷ ᠲᠤ ᠬᠦᠨᠵᠡᠬᠡᠶᠢᠷᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠵᠠᠢ᠃ ᠬᠠᠤᠯᠢ ᠬᠡᠷᠡᠭᠵᠢᠭᠦᠯᠦᠭᠴᠢ ᠠᠵᠢᠯᠳᠠᠳ ᠠᠴᠠ ᠬᠤᠭᠤᠯᠠᠨ ᠭᠡᠷ ᠤᠨ  ᠡᠵᠡᠩᠨᠡᠭᠴᠢᠳ ᠲᠤ ᠣᠶᠢᠷ᠎ᠠ ᠶᠢᠨ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠪᠣᠯᠤᠨ ᠲᠠᠶᠢᠹᠤᠰᠧ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠤᠯᠠᠮᠵᠢᠯᠠᠵᠤ ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢᠮᠪᠠᠢ ᠪᠠᠶᠢᠴᠠᠭᠠᠬᠤ ᠶᠢᠨ ᠬᠠᠮᠲᠤ᠂  ᠡᠵᠡᠩᠨᠡᠭᠴᠢᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠤᠨ᠂  ᠠᠵᠢᠯᠳᠠᠳ ᠤᠨ ᠡᠷᠡᠭᠦᠯ ᠮᠡᠨᠳᠦ  ᠶᠢᠨ ᠬᠠᠮᠢᠶᠠᠷᠤᠯᠲᠠ᠂ ᠲᠦᠭᠦᠬᠡᠶ ᠮᠠᠲ᠋ᠧᠷᠢᠶᠠᠯ ᠣᠷᠣᠭᠤᠯᠬᠤ ᠪᠠᠶᠢᠴᠠᠭᠠᠨ ᠰᠢᠯᠭᠠᠯᠲᠠ ᠵᠢᠴᠢ ᠭᠡᠷᠡᠴᠢ ᠪᠠᠷᠢᠮᠲᠠ ᠠᠪᠬᠤ ᠂  ᠤᠬᠢᠶᠠᠵᠤ ᠠᠷᠢᠭᠤᠳᠬᠠᠬᠤ ᠵᠡᠷᠭᠡ  ᠭᠤᠭᠴᠤᠭᠠᠨ ᠤ ᠲᠦᠷᠢᠮᠵᠢᠯ ᠢ ᠴᠢᠩᠭᠠᠳᠬᠠᠵᠤ᠂  ᠳᠡᠯᠭᠡᠭᠦᠷ ᠲᠤ ᠣᠷᠣᠬᠤ ᠬᠥᠮᠦᠰ ᠤᠨ ᠺᠣᠳ᠋ ᠰᠢᠯᠭᠠᠬᠤ᠂ ᠠᠮᠠᠪᠴᠢ ᠵᠡᠭᠦᠬᠦ᠂  ᠬᠠᠯᠠᠭᠤᠨ ᠢ ᠬᠡᠮᠵᠢᠬᠦ ᠬᠡᠮᠵᠢᠬᠦ ᠵᠢᠴᠢ  ᠬᠦᠮᠦᠨ ᠤ ᠲᠤᠭ᠎ᠠ ᠶᠢ ᠬᠢᠵᠠᠭᠠᠷᠯᠠᠬᠤ᠂  ᠠᠶᠤᠯᠬᠦᠢ ᠵᠠᠶ   ᠶᠢ ᠪᠠᠳᠤᠯᠠᠬᠤ᠂ ᠡᠵᠡᠩᠨᠡᠯᠲᠡ ᠶᠢᠨ ᠲᠠᠯᠠᠪᠤᠷ ᠢ ᠠᠷᠢᠭᠤᠳᠬᠠᠬᠤ᠂ ︽ᠨᠡᠶᠢᠲᠡ  ᠶᠢᠨ ᠬᠠᠯᠪᠠᠭ᠎ᠠ ᠰᠠᠪᠬ᠎ᠠ︾ ᠭᠡᠷᠡᠭᠯᠡᠬᠦ  ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ  ᠭᠡᠷᠡᠭᠵᠢᠬᠦᠯᠦᠨ ᠂   ᠬᠡᠭᠡᠷ᠎ᠡ ᠶᠢᠨ ᠠᠮᠢᠲᠠᠨ ᠤ ᠮᠢᠬ᠎ᠠ  ᠱᠦᠯᠦ ᠭᠡᠷᠡᠭᠯᠡᠬᠦ ᠶᠢ ᠡᠷᠡᠰ ᠴᠠᠭᠠᠵᠠᠯᠠᠬᠤ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂  ᠲᠤᠰ ᠲᠣᠪᠴᠢᠶ᠎ᠠ ᠨᠢ ᠱᠠᠭᠠᠷᠳᠠᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠬᠡᠴᠡ ᠶᠢ  ᠱᠠᠭᠠᠷᠳᠠᠵᠤ ᠪᠠᠶᠢᠭᠠᠳ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ  ᠲᠦᠷᠢᠮ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ  ᠰᠢᠳᠬᠡᠬᠦ ᠪᠠᠷ ᠪᠠᠶᠢᠨ᠎ᠠ᠃ ᠥᠷᠭᠡᠨ ᠣᠯᠠᠨ ᠬᠡᠷᠡᠭᠯᠡᠭᠴᠢᠳ ᠬᠠᠤᠯᠢ  ᠲᠦᠷᠢᠮ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠣᠯᠵᠤ ᠮᠡᠳᠡᠪᠡᠯ᠂  12315 ᠤᠳᠠᠰᠤ ᠪᠠᠷ ᠢᠯᠡᠴᠢᠯᠡᠨ ᠵᠠᠭᠠᠯᠳᠤᠵᠤ ᠪᠤᠯᠤᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号