ᠬᠥᠳᠡᠭᠡ ᠲᠣᠰᠬᠤᠨ ᠤ ᠬᠦᠭᠵᠢᠯ ᠤᠨ ᠵᠠᠮ ᠶᠠᠪᠤᠬᠤ ᠲᠤᠲᠤᠮ ᠲᠠᠷᠳᠠᠩ
ᠨᠡᠶᠢᠲᠡᠯᠡᠭᠰᠡᠨ ᠴᠠᠭ᠄
2021/12/17
 ᠤᠢᠢᠷ᠎ᠠ ᠶᠢᠨ ᠵᠢᠯ ᠳᠤ᠂  ᠲᠠᠶᠢᠹᠤᠰᠧ ᠬᠤᠰᠢᠭᠤᠨ ᠤ ᠴᠢᠶᠠᠨ ᠶᠢᠨ ᠭᠸᠤ ᠪᠠᠯᠭᠠᠰᠤᠨ ᠤ ᠳ᠋ᠠ ᠭᠧ ᠳ᠋ᠦᠩ ᠲᠣᠰᠬᠤᠨ ᠤ ᠨᠠᠮ ᠤᠨ ᠡᠭᠦᠷ ᠨᠢ ᠨᠠᠮ ᠤᠨ ᠪᠠᠶᠢᠭᠤᠯᠤᠯᠲᠠ ᠪᠠᠷ ᠲᠣᠰᠬᠤᠨ ᠢᠶᠠᠨ ᠬᠦᠴᠦᠷᠬᠡᠭᠵᠢᠭᠦᠯᠬᠦ᠂ ᠠᠵᠤ ᠦᠢᠯᠡᠰ ᠢᠶᠠᠷ ᠲᠣᠰᠬᠤᠨ ᠢᠶᠠᠨ ᠮᠠᠨᠳᠤᠭᠤᠯᠬᠤ᠂ ᠠᠷᠠᠳᠴᠢᠯᠠᠯ ᠢᠶᠠᠷ ᠲᠣᠰᠬᠤᠨ ᠢᠶᠠᠨ ᠵᠠᠰᠠᠬᠤ᠂ ᠠᠮᠢ ᠠᠬᠤᠢ ᠪᠠᠷ ᠲᠣᠰᠬᠤᠨ ᠢᠶᠠᠨ ᠪᠠᠶᠢᠭᠤᠯᠬᠤ ᠶᠢ ᠪᠠᠷᠢᠮᠲᠠᠯᠠᠵᠤ᠂ ᠲᠣᠰᠬᠤᠨ ᠤ ᠠᠷᠠᠳ ᠢᠶᠠᠨ ᠳᠠᠭᠠᠭᠤᠯᠤᠨ ︽ ᠠᠵᠤ ᠦᠢᠯᠡᠰ ᠬᠥᠭᠵᠢᠭᠰᠡᠨ᠂ ᠠᠮᠢ ᠠᠬᠤᠢ  ᠰᠠᠶᠢᠵᠢᠷᠠᠭᠰᠠᠨ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭ︾  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ  ᠵᠠᠮᠨᠠᠭᠠᠳ᠂ 2017 ᠣᠨ ᠳᠤ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠪᠠᠷ ᠦᠨᠡᠯᠡᠭᠳᠡᠵᠦ᠂ 2018 ᠣᠨ ᠳᠤ ᠪᠦᠬᠦ ᠤᠯᠤᠰ ᠤᠨ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠭᠰᠡᠨ ᠪᠠᠶᠢᠨ᠎ᠠ᠃    ᠡᠨᠡ ᠬᠡᠳᠦᠨ ᠵᠢᠯ ᠤᠨ  ᠬᠦᠭᠵᠢᠯᠳᠡ ᠬᠤᠪᠢᠷᠠᠯᠲᠠ ᠪᠠᠨ ᠲᠤᠭᠠᠴᠠᠬᠤᠶ᠎ᠠ  ᠳ᠋ᠠ ᠭᠧ ᠳ᠋ᠦᠩ ᠲᠣᠰᠬᠤᠨ ᠤ ᠲᠠᠷᠢᠶᠠᠴᠢᠳ ᠤᠨ ᠴᠢᠷᠠᠢ ᠳᠤ ᠦᠪᠡᠷᠦᠨ ᠡᠷᠭᠡ ᠦᠬᠡᠢ  ᠪᠠᠶᠠᠷ ᠤᠨ ᠮᠦᠰᠢᠶᠡᠳᠦ ᠲᠣᠳᠣᠷᠠᠨ᠎ᠠ᠃  ᠵᠠᠰᠠᠮᠠᠯ ᠵᠠᠮ ᠡᠬᠦᠳᠡᠨ ᠳᠤᠨᠢ ᠬᠦᠷᠳᠡᠯ᠎ᠡ ᠰᠤᠨᠤᠯᠵᠠᠵᠤ  ᠂ ᠵᠠᠮ ᠤᠨ ᠳ᠋ᠧᠩ ᠰᠦᠨᠢ ᠶᠢᠨ ᠬᠠᠷᠠᠩᠭᠤᠢ ᠶᠢ ᠭᠡᠷᠡᠯᠳᠦᠬᠦᠯᠦᠨ᠂  ᠲᠣᠰᠬᠤᠨ ᠤ ᠠᠷᠠᠳ ᠴᠡᠪᠡᠷ ᠲᠤᠩᠭᠠᠯᠠᠭ ᠲᠦᠭᠡᠭᠡᠯ ᠤᠰᠤ ᠤᠤᠭᠤᠵᠤ᠂ ᠵᠡᠭᠡᠯᠢ ᠭᠤᠳᠤᠮᠵᠢ ᠴᠡᠪᠡᠷ ᠴᠡᠮᠴᠡᠭᠡᠷ᠂ ᠬᠦᠷᠢᠶ᠎ᠡ ᠬᠠᠰᠢᠶ᠎ᠠ ᠴᠣ ᠰᠢᠨ᠎ᠡ ᠪᠤᠯᠤᠭᠠᠳ  ᠂ ᠠᠶᠢᠯ ᠬᠤᠳᠠ᠂ ᠬᠦᠷᠢᠶ᠎ᠡ ᠬᠠᠰᠢᠶ᠎ᠠ᠂ ᠭᠠᠵᠠᠷ ᠪᠣᠯᠭᠠᠨ ᠳᠤ ᠠᠮᠢᠵᠢᠷᠠᠯ  ᠤᠨ ᠬᠦᠴᠦᠨ ᠢᠶᠠᠷ ᠪᠢᠯᠬᠠᠨ᠎ᠠ᠃  《 ᠲᠦᠭᠡᠭᠡᠯ ᠤᠰᠤ ᠨᠡᠪᠳᠡᠷᠡᠵᠤ᠂ ᠬᠡᠳᠦᠢ ᠳᠦᠭᠦᠮ ᠪᠣᠯᠤᠭᠰᠠᠨ ᠢ  ᠶᠠᠷᠢᠬᠤ ᠶᠢᠨ ᠠᠷᠭ᠎ᠠ ᠦᠬᠡᠢ᠂ ᠡᠨᠡ ᠨᠢ ᠮᠢᠨᠦ ᠤᠯᠠᠨ ᠵᠢᠯ ᠤᠨ ᠪᠤᠬᠢᠨᠢᠳᠤᠯ  ᠵᠤᠪᠠᠨᠢᠯ   ᠢ  ᠲᠠᠶᠢᠯᠵᠠᠢ᠂ ᠤᠳᠤ  ᠪᠢ  ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠵᠡᠮᠳᠡᠭᠴᠦᠳ ᠤᠨ ᠨᠥᠬᠦᠪᠥᠷᠢ ᠶᠢ ᠬᠦᠷᠳᠡᠵᠤ ᠪᠠᠶᠢᠨ᠎ᠠ᠂  ᠲᠦᠷᠦ ᠶᠢᠨ ᠪᠤᠳᠤᠯᠭ᠎ᠠ ᠡᠶᠢᠮᠦ ᠰᠠᠶᠢᠨ᠂ ᠠᠮᠢᠳᠤᠷᠠᠯ ᠶᠠᠪᠤᠬᠤ ᠳᠤᠳᠤᠮ ᠰᠠᠶᠢᠵᠢᠷᠠᠵᠤ ᠪᠠᠶᠢᠨ᠎ᠠ᠂ ᠨᠠᠳᠠ ᠳᠤ ᠮᠠᠰᠢ ᠵᠣᠯ ᠵᠢᠷᠭᠠᠯ ᠲᠠᠢ ᠰᠠᠨᠠᠭᠳᠠᠵᠤ ᠪᠠᠶᠢᠨ᠎ᠠ  》 ᠬᠡᠮᠡᠨ ᠳ᠋ᠡ ᠭᠧ ᠳ᠋ᠦᠩ ᠲᠣᠰᠬᠤᠨ ᠤ  ᠲᠠᠷᠢᠶᠠᠴᠢᠨ ᠸᠠᠩ ᠢᠤᠢ ᠮᠡᠯᠳᠡᠭᠡᠨᠡᠳᠡᠯ᠎ᠡ ᠲᠦᠬᠦᠷᠭᠡᠭᠰᠡᠨ ᠰᠠᠭᠤᠯᠠᠭ᠎ᠠ  ᠲᠠᠢ ᠤᠰᠤ   ᠪᠠᠨ ᠬᠠᠷᠠᠭᠠᠳ ᠢᠨᠢᠶᠡᠮᠰᠦᠭᠯᠡᠨ᠎ᠡ᠃    ᠡᠨᠡ ᠵᠢᠯ᠂ ᠳ᠋ᠠ ᠭᠧ ᠳ᠋ᠦᠩ ᠲᠣᠰᠬᠤᠨ   ᠤ ᠬᠢᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠢᠳᠡᠪᠬᠢᠲᠡᠢ ᠬᠠᠷᠢᠯᠴᠠᠵᠤ ᠪᠠᠶᠢᠭᠠᠳ᠂ ᠪᠦᠬᠦ ᠲᠣᠰᠬᠤᠨ ᠤ 252 ᠡᠷᠦᠬᠡ ᠳᠤ ᠲᠦᠭᠡᠭᠡᠯ ᠤᠰᠤ ᠨᠡᠪᠳᠡᠷᠡᠬᠦᠯᠵᠦ᠂  ᠤᠯᠠᠨ ᠲᠦᠮᠡᠨ ᠳᠡᠭᠡᠨ ᠴᠡᠪᠡᠷ ᠲᠤᠩᠭᠠᠯᠠᠭ ᠤᠰᠤ  ᠤᠮᠳᠠ ᠬᠠᠩᠭᠠᠭᠰᠠᠨ ᠪᠠᠶᠢᠵᠠᠢ᠃        ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠤᠷᠢᠳ ᠢᠶᠠᠷ ᠬᠥᠭᠵᠢᠭᠦᠯᠬᠦ ᠬᠡᠷᠡᠭᠲᠡᠢ᠃ ᠳ᠋ᠠ ᠭᠧ ᠳ᠋ᠦᠩ ᠲᠣᠰᠬᠤᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ  ᠡᠵᠡᠮᠳᠡᠨ᠂ ᠳᠣᠲᠣᠭᠠᠳᠤ ᠳᠠᠭᠠᠨ ᠥᠪᠡᠷ ᠢ ᠪᠠᠨ ᠬᠦᠴᠦᠷᠭᠡᠭᠵᠢᠬᠦᠯᠵᠦ᠂ ᠭᠠᠳᠠᠨ᠎ᠠ ᠠᠴᠠ ᠬᠦᠴᠦᠨ ᠵᠠᠯᠠᠬᠤ ᠪᠠᠷ  ᠲᠠᠮᠵᠢᠭᠠᠳ᠂ ᠠᠶᠢᠯ ᠲᠣᠰᠬᠤᠨ ᠤ ᠲᠥᠯᠥᠪᠵᠢᠭᠦᠯᠭᠡ ᠪᠣᠯᠤᠨ ᠠᠵᠤ ᠦᠢᠯᠡᠰ ᠤᠨ ᠬᠥᠭᠵᠢᠯᠲᠡ ᠶᠢ ᠤᠶᠠᠯᠳᠤᠭᠤᠯᠵᠤ᠂  ᠲᠦᠮᠦᠰᠦ ᠲᠠᠷᠢᠬᠤ ᠶᠢ ᠠᠵᠤ ᠦᠢᠯᠡᠰ ᠤᠨ ᠪᠦᠲᠦᠴᠡ ᠳᠤ ᠲᠤᠬᠢᠷᠠᠭᠤᠯᠤᠯᠳᠠ ᠬᠢᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠲᠤᠯᠭᠠᠭᠤᠷᠢ ᠠᠵᠤ ᠦᠢᠯᠡᠰ ᠪᠣᠯᠭᠠᠨ ᠠᠳᠬᠤᠵᠠᠢ᠃  ᠡᠶᠢᠨ ᠬᠦ᠋᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢ ᠴᠢᠩᠭᠠᠳᠬᠠᠨ᠂ ᠤᠷᠢᠳ ᠬᠤᠵᠢᠳ 8150 ᠮᠦ ᠤᠰᠤᠯᠠᠯᠲᠠ ᠶᠢᠨ ᠭᠠᠵᠠᠷ ᠢ ᠨᠡᠭᠡᠭᠡᠨ  ᠠᠰᠢᠭᠯᠠᠭᠠᠳ᠂  ᠲᠣᠰᠬᠤᠨ ᠤ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠶᠢ 3000 ᠭᠠᠷᠤᠢ ᠲᠥᠭᠦᠷᠢᠭ ᠨᠡᠮᠡᠭᠳᠡᠬᠦᠯᠪᠡ᠃ ᠡᠭᠦᠨ ᠤ ᠬᠠᠮᠲᠤ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠢᠵᠢ ᠪᠦᠷᠢᠳᠦᠬᠦᠯᠬᠦ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ 1000 ᠭᠠᠷᠤᠢ ᠲᠦᠮᠡᠨ ᠲᠥᠭᠦᠷᠢᠭ ᠤᠨ ᠪᠡᠯᠡ ᠤᠷᠤᠭᠤᠯᠤᠨ᠂ ᠲᠥᠮᠥᠰᠥ ᠬᠠᠳᠠᠭᠠᠯᠠᠬᠤ ᠵᠣᠭᠤᠷᠢ ᠬᠤᠶᠠᠷ ᠢ ᠪᠠᠶᠢᠭᠤᠯᠵᠤ᠂ ᠲᠣᠰᠬᠤᠨ ᠤ ᠠᠷᠠᠳ ᠤᠨ ᠤᠢᠢᠷ᠎ᠠ ᠬᠠᠪᠢ ᠳᠠᠭᠠᠨ ᠠᠵᠢᠯ ᠤᠯᠬᠤ ᠳᠤ ᠲᠦᠬᠦᠮ ᠦᠵᠡᠭᠦᠯᠪᠡ᠃      ︽ᠲᠦᠮᠦᠰᠦᠨ ᠤ ᠵᠣᠭᠤᠷᠢ ᠪᠠᠶᠢᠭᠤᠯᠤᠭᠰᠠᠨ ᠠᠴᠠ ᠨᠠᠰᠢ ᠪᠢ ᠠᠳᠡ ᠠᠵᠢᠯᠯᠠᠭᠠᠳ ᠵᠢᠯ ᠳᠤ ᠭᠤᠷᠪᠠᠨ ᠲᠦᠮᠡ ᠭᠠᠷᠤᠢ ᠲᠥᠭᠦᠷᠢᠭ ᠤᠨ ᠣᠷᠣᠯᠭ᠎ᠠ ᠣᠯᠵᠤ ᠪᠤᠢ᠂ ᠬᠡᠷ ᠤᠨ ᠢᠶᠠᠨ ᠡᠭᠦᠳᠡᠨ ᠳᠤ ᠠᠵᠢᠯ  ᠤᠯᠤᠭᠠᠳ ᠠᠷᠤ ᠭᠡᠷ ᠠᠵᠢᠯ ᠦᠢᠯᠡᠰ ᠠᠯᠢ ᠠᠯᠢ ᠨᠢ ᠰᠠᠭᠠᠳᠠᠬᠤ ᠦᠬᠡᠢ ᠪᠤᠯᠵᠠᠢ︾ ᠬᠡᠵᠦ  ᠲᠦᠮᠦᠰᠦᠨ ᠤ ᠵᠣᠭᠤᠷᠢ ᠳᠤ ᠠᠵᠢᠯᠯᠠᠵᠤ ᠪᠠᠶᠢᠭ᠎ᠠ ᠲᠣᠰᠬᠤᠨ ᠤ ᠠᠷᠠᠳ ᠰᠦᠨ ᠬᠠᠢ ᠶᠢᠩ ᠮᠠᠰᠢ ᠪᠠᠶᠠᠷᠲᠠᠢ ᠬᠡᠯᠡᠨ᠎ᠡ᠃      ︽ᠠᠷᠠᠳ ᠲᠦᠮᠡᠨ ᠤ ᠤᠯᠤᠯᠳᠠ ᠬᠦᠷᠲᠡᠮᠵᠢ ᠶᠢᠨ ᠲᠦᠷᠦᠭᠳᠡᠯ᠂  ᠠᠵᠠ ᠵᠢᠷᠭᠠᠯ ᠤᠨ ᠲᠦᠷᠦᠭᠳᠡᠯ ᠢ  ᠨᠡᠮᠡᠭᠳᠡᠬᠦᠯᠬᠦ ᠪᠣᠯ ᠬᠥᠳᠡᠭᠡ ᠲᠣᠰᠬᠤᠨ ᠤ ᠬᠦᠭᠵᠢᠯ ᠮᠠᠨᠳᠤᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ᠂  ᠲᠣᠰᠬᠤᠨ ᠢᠶᠠᠨ ᠬᠥᠭᠵᠢᠭᠦᠯᠬᠦ ᠳᠤ ᠭᠤᠣᠯᠳᠠᠯᠭ᠎ᠠ ᠪᠠᠨ ᠨᠠᠮ ᠤᠨ ᠪᠠᠶᠢᠭᠤᠯᠤᠯᠲᠠ ᠳᠤ ᠲᠠᠯᠪᠢᠬᠤ ᠬᠡᠷᠡᠭᠲᠡᠢ᠂ ᠳᠠᠷᠠᠭᠠᠴᠢ ᠶᠢᠨ ᠠᠯᠬᠤᠮ ᠳᠤ᠂ ᠲᠣᠰᠬᠤᠨ ᠤ ᠬᠤᠶᠠᠷ ᠵᠥᠪᠯᠡᠯ ᠤᠨ ᠬᠢᠨ ᠬᠥᠭᠵᠢᠭᠦᠯᠬᠦ ᠪᠠᠷ ᠲᠡᠷᠢᠭᠦᠨ ᠴᠢᠬᠤᠯᠠ ᠡᠭᠦᠷᠭᠡ ᠪᠠᠨ ᠪᠣᠯᠭᠠᠬᠤ ᠶᠢ ᠦᠷᠬᠦᠯᠵᠢᠯᠡᠨ ᠪᠠᠷᠢᠮᠳᠠᠯᠠᠵᠤ᠂ ᠲᠣᠰᠬᠤᠨ ᠤ ᠨᠠᠮ ᠤᠨ ᠡᠭᠦᠷ ᠤᠨ ᠲᠠᠶᠢᠴᠢᠨ ᠪᠠᠬᠢᠯᠡᠯᠲᠡ  ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠨᠴᠠᠯᠢᠭ ᠢᠶᠠᠨ ᠲᠤᠪᠤᠶᠢᠯᠭᠠᠵᠤ᠂ ᠰᠢᠨ᠎ᠡ ᠶᠢ ᠡᠭᠦᠳᠬᠦ ᠶᠢ ᠴᠢᠬᠤᠯᠠᠴᠢᠯᠠᠨ  ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠰᠠᠭᠤᠷᠢᠨ ᠳᠡᠭᠡᠷ᠎ᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠦᠨᠡᠨ ᠬᠦ ᠰᠠᠶᠢᠨ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠰᠢᠨ᠎ᠡ ᠵᠠᠮ ᠳᠤ ᠵᠠᠮᠨᠠᠨ ᠂   ᠬᠠᠮᠲᠤ ᠶᠢᠨ ᠠᠵᠤ ᠠᠬᠤᠢ   ᠪᠠᠨ ᠨᠡᠩ ᠬᠦᠭᠵᠢᠬᠦᠯᠵᠦ  ᠂ ᠠᠷᠠᠳ ᠤᠨ ᠠᠮᠢᠳᠤᠷᠠᠯ ᠢ ᠤᠯᠠᠮ ᠴᠢᠨᠡᠭᠡᠯᠢᠭᠵᠢᠬᠦᠯᠦᠨ᠎ᠡ  ︾  ᠭᠡᠵᠦ ᠲᠣᠰᠬᠤᠨ ᠤ ᠨᠠᠮ ᠤᠨ ᠡᠭᠦᠷ ᠤᠨ ᠱᠦᠵᠢ ᠯᠢ ᠵᠢᠶᠦ᠋ᠨ ᠰᠤᠷᠪᠤᠯᠵᠢᠯᠠᠭᠴᠢ ᠳᠤ ᠬᠡᠯᠡᠯ᠎ᠡ᠃        ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠭᠤᠶᠤᠵᠢᠭᠤᠯᠵᠤ᠂ ᠲᠠᠷᠢᠶᠠᠴᠢᠳ ᠢ ᠪᠠᠶᠠᠵᠢᠭᠤᠯᠬᠤ ᠬᠡᠷᠡᠭᠲᠡᠢ᠃ ᠣᠷᠴᠢᠮ ᠤᠨ ᠵᠢᠯ᠂  ᠲᠠᠶᠢᠹᠤᠰᠧ  ᠬᠤᠰᠢᠭᠤ ᠨᠢ ᠭᠠᠴᠠᠭ᠎ᠠ ᠲᠣᠰᠬᠤᠨ ᠤ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂  ᠮᠠᠯᠴᠢᠨ ᠲᠠᠷᠢᠶᠠᠴᠢᠨ ᠢ ᠳᠠᠭᠠᠭᠤᠯᠤᠨ ᠣᠨᠴᠠᠯᠢᠭᠲᠤ ᠲᠠᠷᠢᠶᠠᠯᠠᠩ ᠢ ᠬᠦᠭᠵᠢᠬᠦᠯᠵᠦ᠂ ᠭᠠᠴᠠᠭ᠎ᠠ ᠲᠣᠰᠬᠤᠨ ᠤ ᠪᠣᠳᠠᠲᠤ ᠪᠠᠶᠢᠳᠠᠯ ᠳᠤ ᠳᠣᠭᠢᠷᠬᠠᠰᠠᠨ ᠠᠵᠤ ᠦᠢᠯᠡᠰ ᠤᠨ ᠬᠥᠭᠵᠢᠯᠲᠡ ᠶᠢᠨ ᠵᠠᠮ ᠢ ᠰᠦᠪᠡᠭᠴᠢᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠠᠯ᠎ᠠ ᠪᠠᠷ ᠬᠦᠴᠦ  ᠤᠷᠤᠭᠤᠯᠵᠤ᠂  ᠥᠪᠡᠷᠲᠡᠭᠡᠨ ᠵᠠᠰᠠᠬᠤ ᠣᠷᠣᠨ ᠤ  ᠲᠡᠰ ᠤᠨ ᠮᠠᠯ ᠠᠵᠤ ᠠᠬᠤᠢ ᠶᠢᠨ ᠣᠳᠣᠬᠢᠴᠢᠯᠠᠭᠰᠠᠨ ᠵᠢᠱᠢᠶ᠎ᠡ ᠦᠵᠡᠭᠦᠯᠬᠦ  ᠭᠠᠴᠠᠭ᠎ᠠ ᠲᠤᠰᠬᠤᠨ 19  ᠂  ᠠᠶᠢᠮᠠᠭ ᠤᠨ  ᠲᠡᠰ ᠤᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 10᠂  ᠬᠤᠰᠢᠭᠤᠨ ᠤ ᠲᠡᠰ ᠤᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 5᠂  ᠬᠤᠰᠢᠭᠤᠨ ᠤ ᠲᠠᠰ  ᠤᠨ ᠭᠤᠤᠯᠳᠠᠯᠭ᠎ᠠ ᠲᠠᠢ ᠲᠡᠳᠬᠦᠬᠦ ᠭᠠᠴᠠᠭ᠎ᠠ ᠲᠣᠰᠬᠤᠨ 17᠂    ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 2 ᠢ  ᠪᠠᠶᠢᠭᠤᠯᠵᠠᠢ᠃  ᠳ᠋ᠠ ᠭᠧ ᠳ᠋ᠦᠩ ᠲᠣᠰᠬᠤᠨ ᠪᠣᠯ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠤᠨ ᠬᠤᠷᠢᠶᠠᠩᠭᠤᠶ ᠳᠦᠷᠰᠦ ᠪᠣᠯᠤᠨ᠎ᠠ᠃  ᠬᠤᠶᠠᠷ《 ᠵᠠᠭᠤᠨ ᠡᠳᠦᠷ ᠤᠨ  ᠪᠣᠭᠤᠮᠲᠠ ᠰᠢᠪᠲᠤᠯᠬᠤ 》ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂  ᠲᠠᠶᠢᠹᠤᠰᠧ ᠬᠤᠰᠢᠭᠤ   ᠨᠢ ᠳᠠᠷᠤᠶ ᠲᠦᠷᠭᠡᠨ ᠴᠤᠤᠷᠢᠶᠠᠲᠤᠨ ᠬᠦᠳᠡᠯᠦᠯᠴᠡᠵᠦ᠂  ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠠᠰᠢᠭᠯᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ  ᠲᠦᠷᠦᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂  ᠵᠦᠷᠢᠶ᠎ᠡ ᠳᠤᠲᠠᠭᠤᠳᠠᠯ   ᠢᠶᠠᠨ ᠨᠥᠬᠦᠪᠥᠷᠢᠯᠡᠨ᠂   ᠭᠤᠤᠯᠳᠠᠯᠭ᠎ᠠ ᠲᠠᠢ ᠲᠡᠳᠬᠦᠬᠦ ᠭᠠᠴᠠᠭ᠎ᠠ ᠲᠣᠰᠬᠤᠨ ᠤ ᠪᠠᠶᠢᠭᠤᠯᠤᠯᠲᠠ ᠬᠢᠭᠡᠳ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠵᠥᠷᠢᠶ᠎ᠡ ᠶᠢ ᠪᠠᠭᠠᠰᠬᠠᠵᠤ᠂ ᠬᠦᠳᠡᠭᠡ ᠲᠤᠰᠬᠤᠨ ᠤ ᠬᠦᠭᠵᠢᠯ ᠮᠠᠨᠳᠤᠯ ᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号