ᠮᠠᠷᠭᠠᠰᠢ ︵18 ᠤ ᠡᠳᠦᠷ︶ ᠠᠴᠠ ᠡᠬᠢᠯᠡᠨ 2022 ᠣᠨ ᠤ ᠰᠢᠨ᠎ᠡ ᠵᠢᠯ ᠤᠨ ᠠᠮᠠᠷᠠᠯᠲᠠ ᠶᠢᠨ ᠠᠩᠬᠠᠨ ᠤ | ᠡᠳᠦᠷ ᠤᠨ ᠭᠠᠯᠲᠤ ᠲᠡᠷᠭᠡᠨ ᠤ ᠪᠢᠯᠧᠲ ᠢ ᠵᠢᠩᠬᠢᠨᠢ ᠪᠠᠷ ᠬᠤᠳᠠᠯᠳᠣᠨ᠎ᠠ᠃ | ᠣᠳᠣᠬᠠᠨ ᠳᠤ᠂ ᠪᠡᠭᠡᠵᠢᠩ ᠵᠡᠷᠭᠡ ᠣᠯᠠᠨ ᠭᠠᠵᠠᠷ ᠤᠨ ᠬᠢᠨ 48 ᠴᠠᠭ ᠤᠨ ᠲᠣᠳᠣᠷᠠᠬᠢ ᠪᠥᠭᠡᠮ ᠬᠦᠴᠢᠯ ᠤᠨ | ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠠᠪᠴᠤ ᠣᠷᠣᠬᠤ ᠬᠡᠷᠡᠭᠲᠡᠶ ᠭᠡᠵᠦ ᠳᠤᠷᠠᠳᠤᠨ ᠭᠠᠷᠭᠠᠵᠠᠶ᠃ | ᠵᠢᠱᠢᠶᠡᠯᠡᠪᠡᠯ᠂ ᠪᠡᠭᠡᠵᠢᠩ ᠳᠤ ᠣᠷᠣᠵᠤ ᠢᠷᠡᠬᠦ ᠬᠥᠮᠦᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ | ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠢᠶᠠᠨ ᠠᠪᠴᠤ ᠪᠡᠭᠡᠵᠢᠩ ᠳᠤ ᠪᠤᠴᠠᠵᠤ ᠪᠣᠯᠤᠨ᠎ᠠ᠃ 14 ᠤ | ᠡᠳᠦᠷ ᠤᠨ ᠳᠣᠲᠣᠷ᠎ᠠ ᠨᠢᠭᠡ ᠵᠢᠱᠢᠶ᠎ᠡ ᠵᠢᠴᠢ ᠲᠡᠭᠦᠨ ᠠᠴᠠ ᠳᠡᠭᠡᠭᠰᠢᠬᠢ ᠬᠠᠯᠳᠠᠪᠤᠷᠢᠯᠠᠭᠰᠠᠳ ᠤᠨ ᠪᠠᠶᠢᠭ᠎ᠠ ᠰᠢᠶᠠᠨ ︵ | ᠬᠤᠲᠠ᠂ ᠲᠣᠭᠤᠷᠢᠭ᠂ ᠬᠤᠰᠢᠭᠤ︶ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠦᠰ ᠤᠨ ᠪᠡᠭᠡᠵᠢᠩ ᠳᠤ | ᠪᠤᠴᠠᠬᠤ ᠶᠢ ᠴᠢᠩᠭ᠎ᠠ ᠬᠢᠵᠠᠭᠠᠷᠯᠠᠨ᠎ᠠ᠃ | ᠣᠳᠣᠬᠠᠨ ᠤ ᠪᠥᠬᠦ ᠤᠯᠤᠰ ᠤᠨ ᠭᠠᠯᠲᠤ ᠲᠡᠷᠭᠡᠨ ᠤ ᠪᠢᠯᠧᠲ ᠢ 15 ᠡᠳᠦᠷ ᠤᠨ ᠡᠮᠣᠨ᠎ᠡ ᠤᠷᠢᠳᠴᠢᠯᠠᠨ | ᠬᠤᠳᠠᠯᠳᠤᠬᠤ ᠲᠣᠭᠲᠠᠭᠠᠯ ᠢ ᠦᠨᠳᠦᠰᠦᠯᠡᠪᠡᠯ᠂ 12 ᠰᠠᠷ᠎ᠠ ᠶᠢᠨ 18 ᠤ ᠡᠳᠦᠷ ᠠᠴᠠ ᠡᠬᠢᠯᠡᠨ᠂ ᠠᠶᠠᠨᠴᠢᠳ | 12306 ᠰᠦᠯᠵᠢᠶ᠎ᠡ᠂ 12306 ᠭᠠᠷ ᠤᠲᠠᠰᠤᠨ ᠤ ᠬᠡᠷᠡᠭᠯᠡᠭᠴᠢ ᠶᠢᠨ ᠦᠵᠦᠭᠦᠷ ᠢᠶᠠᠷ ᠪᠤᠶᠤ | 95105105 ᠶᠢᠨ ᠪᠢᠯᠧᠲ ᠵᠠᠬᠢᠶᠠᠯᠠᠬᠤ ᠤᠲᠠᠰᠤ ᠪᠠᠷ ᠳᠠᠮᠵᠢᠭᠤᠯᠤᠨ 2022 ᠣᠨ ᠤ 1 ᠰᠠᠷ᠎ᠠ ᠶᠢᠨ 1 ᠤ | ᠡᠳᠦᠷ ᠤᠨ ᠭᠠᠯᠲᠤ ᠲᠡᠷᠭᠡᠨ ᠤ ᠪᠢᠯᠧᠲ ᠢ ᠬᠤᠳᠠᠯᠳᠤᠨ ᠠᠪᠴᠤ ᠪᠣᠯᠤᠨ᠎ᠠ᠂ 12 ᠰᠠᠷ᠎ᠠ ᠶᠢᠨ 19 ᠤ ᠡᠳᠦᠷ ᠠᠴᠠ | ᠡᠬᠢᠯᠡᠨ 2022 ᠣᠨ ᠤ 1 ᠰᠠᠷ᠎ᠠ ᠶᠢᠨ 2 ᠤᠨ ᠡᠳᠦᠷ ᠤᠨ ᠭᠠᠯᠲᠤ ᠲᠡᠷᠭᠡᠨ ᠤ ᠪᠢᠯᠧᠲ ᠢ ᠬᠤᠳᠠᠯᠳᠤᠨ ᠠᠪᠴᠤ | ᠪᠣᠯᠤᠨ᠎ᠠ᠂ 12 ᠰᠠᠷ᠎ᠠ ᠶᠢᠨ 20 ᠤ ᠡᠳᠦᠷ ᠠᠴᠠ ᠡᠬᠢᠯᠡᠨ 2022 ᠣᠨ ᠤ 1 ᠰᠠᠷ᠎ᠠ ᠶᠢᠨ 3 ᠤ ᠡᠳᠦᠷ ᠤᠨ | ᠭᠠᠯᠲᠤ ᠲᠡᠷᠭᠡᠨ ᠤ ᠪᠢᠯᠧᠲ ᠢ ᠬᠤᠳᠠᠯᠳᠤᠨ ᠠᠪᠴᠤ ᠪᠣᠯᠤᠨ᠎ᠠ᠃ | ᠠᠩᠬᠠᠷᠤᠭᠤᠰᠢᠲᠠᠶ ᠨᠢ᠂ 12 ᠰᠠᠷ᠎ᠠ ᠶᠢᠨ 10 ᠤ ᠡᠳᠦᠷ ᠠᠴᠠ ᠡᠬᠢᠯᠡᠨ᠂ ᠡᠯᠧᠺᠳ᠋ᠷᠣᠨ ᠪᠢᠯᠧᠲ ᠤᠨ ᠲᠠᠩᠰᠠ | ᠲᠠᠶᠢᠯᠬᠤ ᠭᠡᠷᠡᠴᠢ ᠪᠠᠷᠢᠮᠲᠠ ᠪᠠ ᠪᠢᠯᠧᠲ ᠪᠤᠴᠠᠭᠠᠬᠤ ᠰᠦᠶ᠋ᠳᠬᠡᠯ ᠤᠨ ᠲᠠᠩᠰᠠ ᠲᠠᠶᠢᠯᠬᠤ ᠭᠡᠷᠡᠴᠢ ᠪᠠᠷᠢᠮᠲᠠ ᠶᠢ | ᠠᠪᠬᠤ ᠬᠤᠭᠤᠴᠠᠭ᠎ᠠ ᠨᠢ ᠬᠤᠪᠢᠷᠠᠵᠤ᠂ ᠤᠤᠯ ᠤᠨ 30 ᠡᠳᠦᠷ ᠪᠠᠶᠢᠭᠰᠠᠨ ᠠᠴᠠ 180 ᠡᠳᠦᠷ ︵ᠲᠣᠰ ᠡᠳᠦᠷ | ᠪᠠᠭᠲᠠᠨ᠎ᠠ︶ ᠪᠣᠯᠵᠣ ᠲᠣᠬᠢᠷᠠᠭᠤᠯᠤᠭᠳᠠᠪᠠ᠃ | | | | ᠁ |