︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠦᠯ︾ ᠤᠨ ᠲᠦᠷᠦ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/12/2
   ᠨᠢᠭᠡ᠂ ᠲᠣᠭᠲᠠᠭᠠᠭᠰᠠᠨ ᠠᠬᠤᠶ ᠪᠠᠶᠢᠳᠠᠯ ᠬᠢᠭᠡᠳ ᠠᠴᠢ ᠬᠤᠯᠪᠣᠭᠳᠠᠯ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠲᠠᠯ᠎ᠠ ᠪᠠᠷ ᠬᠢ ᠰᠠᠭᠤᠷᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠬᠢᠨᠠᠨ ᠰᠢᠯᠭᠠᠯᠲᠠ ᠶᠢᠨ ᠬᠢᠵᠠᠭᠠᠷᠯᠠᠯ ᠪᠠ ᠣᠯᠠᠨ ᠲᠠᠯ᠎ᠠ ᠶᠢᠨ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠠᠵᠢᠯᠯᠠᠭ᠎ᠠ ᠶᠢ ᠬᠦᠴᠦᠯᠡᠨ ᠵᠠᠰᠠᠵᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠥᠪ ᠴᠢᠬᠡᠴᠢ ᠬᠡᠪ ᠰᠤᠷᠲᠠᠯ ᠲᠠᠢ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠦᠯᠦᠭᠡ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠤᠭ ᠰᠢᠨ᠎ᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠣᠳᠣᠬᠠᠨ ᠤ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠵᠢᠴᠢ ᠠᠵᠢᠯ ᠤᠨ ᠭᠤᠤᠯᠳᠠᠯᠭ᠎ᠠ᠂ ᠬᠦᠴᠢᠷᠳᠡᠯ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠲᠠᠷᠬᠠᠭᠠᠭᠰᠠᠨ ︹2017︺ 123 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠬᠤ ᠴᠢᠬᠤᠯᠠᠲᠠᠶ ᠪᠣᠯᠤᠭᠰᠠᠨ ᠪᠠᠶᠢᠨ᠎ᠠ᠃    ᠬᠤᠶᠠᠷ᠂ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ    ︵ᠨᠢᠭᠡ︶ ᠬᠠᠰᠤᠭᠰᠠᠨ ᠠᠭᠤᠯᠭ᠎ᠠ᠃    ᠨᠢᠭᠡ ᠳᠤ ᠣᠳᠣᠬᠠᠨ ᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠠᠭᠤᠯᠭ᠎ᠠ ᠶᠢ ᠬᠠᠰᠤᠵᠤ ᠬᠠᠶᠠᠪᠠ᠂ ᠡᠭᠦᠨ ᠳᠤ ︽ᠨᠠᠢᠮᠠᠨ ᠨᠠᠷᠢᠨ ᠲᠠᠩᠰᠠ︾ ᠶᠢᠨ ᠲᠦᠷᠢᠮ ᠪᠠ ᠳᠡᠭᠡᠳᠦ ᠪᠠᠶᠢᠷᠢ ᠶᠢᠨ ᠬᠠᠤᠯᠢ ᠶᠢᠨ ᠦᠨᠳᠦᠰᠦᠯᠡᠯ ᠥᠬᠡᠶ ᠬᠡᠰᠡᠭ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃    ᠬᠤᠶᠠᠷ ᠲᠤ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠵᠢᠷᠤᠮᠵᠢᠭᠤᠯᠬᠤ ᠵᠡᠷᠭᠡ ᠶᠢ ᠪᠠᠭᠲᠠᠭᠠᠭᠰᠠᠨ ᠨᠢᠭᠡᠨᠲᠡ ᠪᠡᠶᠡᠯᠡᠭᠦᠯᠦᠭᠰᠡᠨ ᠠᠵᠢᠯ ᠢ ᠬᠠᠰᠤᠵᠤ ᠬᠠᠶᠠᠪᠠ᠃    ᠭᠤᠷᠪᠠ ᠳᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠲᠠᠢ ᠬᠠᠮᠢᠶ᠎ᠠ ᠥᠬᠡᠶ ᠦᠨᠡᠨ ᠨᠡᠷ᠎ᠡ ᠪᠠᠷ ᠳᠠᠩᠰᠠᠯᠠᠬᠤ ᠲᠦᠷᠢᠮ ᠤᠨ ᠬᠠᠮᠢᠶ᠎ᠠ ᠪᠥᠬᠦᠶ ᠠᠭᠤᠯᠭ᠎ᠠ ᠶᠢ ᠬᠠᠰᠤᠪᠠ᠃    ︵ᠬᠤᠶᠠᠷ︶ ᠦᠯᠡᠳᠡᠭᠡᠭᠰᠡᠨ ᠠᠭᠤᠯᠭ᠎ᠠ᠃    ᠵᠠᠰᠠᠭ ᠤᠨ ᠶᠠᠪᠤᠳᠠᠯ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠣᠯ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠠᠭᠤᠷᠢ ᠮᠦᠨ᠃ ᠡᠶᠢᠮᠦ ᠠᠴᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠥᠰᠦᠯ ᠳᠤ ᠬᠠᠤᠯᠢ ᠶᠣᠰᠣᠭᠠᠷ ᠵᠠᠰᠠᠭ ᠶᠠᠪᠤᠭᠤᠯᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠦᠨᠡᠨᠴᠢ ᠢᠲᠡᠭᠡᠮᠵᠢ ᠶᠢᠨ ᠬᠥᠮᠦᠵᠢᠯ᠂ ᠢᠲᠡᠭᠡᠮᠵᠢ ᠶᠢ ᠰᠡᠷᠭᠦᠭᠡᠬᠦ ᠪᠠ ᠣᠯᠠᠨ ᠲᠠᠯ᠎ᠠ ᠪᠠᠷ ᠬᠢᠨᠠᠯᠲᠠ ᠲᠠᠯᠪᠢᠬᠤ ᠵᠡᠷᠭᠡ ᠠᠭᠤᠯᠭ᠎ᠠ ᠶᠢ ᠦᠯᠡᠳᠡᠭᠡᠭᠰᠡᠨ ᠪᠥᠭᠡᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠱᠠᠭᠠᠷᠳᠠᠯᠭ᠎ᠠ ᠶᠣᠰᠣᠭᠠᠷ ᠠᠭᠤᠯᠭ᠎ᠠ ᠳᠤ ᠲᠣᠬᠢᠷᠠᠭᠤᠯᠤᠯᠲᠠ ᠬᠢᠪᠡ᠃     ︵ᠭᠤᠷᠪᠠ︶ ᠪᠦᠷᠢᠨᠰᠢᠭᠦᠯᠦᠭᠰᠡᠨ ᠠᠭᠤᠯᠭ᠎ᠠ᠃    ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠭᠦᠨᠵᠡᠭᠡᠶᠢᠷᠡᠨ ᠠᠭᠢᠬᠤ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠱᠠᠭᠠᠷᠳᠠᠯᠭ᠎ᠠ ᠠᠯᠬᠤᠮ ᠠᠯᠬᠤᠮ ᠢᠶᠠᠷ ᠳᠡᠭᠡᠭᠰᠢᠯᠡᠬᠦ ᠶᠢ ᠳᠠᠭᠠᠯᠳᠤᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠦᠷᠢᠶ᠎ᠡ ᠵᠣᠬᠢᠬᠤ ᠬᠡᠮᠵᠢᠶ᠎ᠡ ᠪᠠᠷ ᠥᠷᠭᠡᠳᠴᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠨ ᠲᠣᠭᠲᠠᠭᠠᠵᠤ᠂ ᠵᠠᠰᠠᠭ ᠤᠨ ᠶᠠᠪᠤᠳᠠᠯ ᠤᠨ ᠢᠲᠡᠭᠡᠯ ᠠᠯᠳᠠᠬᠤ ᠠᠰᠠᠭᠤᠳᠠᠯ ᠢ ᠦᠨᠳᠦᠰᠦᠨ ᠠᠴᠠ ᠨᠢ ᠰᠡᠷᠭᠡᠶᠢᠯᠡᠨ ᠠᠷᠢᠯᠭᠠᠬᠤ ᠴᠢᠬᠤᠯᠠᠲᠠᠶ ᠪᠠᠶᠢᠨ᠎ᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠥᠰᠦᠯ ᠳᠤ ᠡᠭᠦᠰᠴᠦ ᠮᠡᠳᠡᠬᠦ ᠵᠠᠰᠠᠭ ᠤᠨ ᠶᠠᠪᠤᠳᠠᠯ ᠤᠨ ᠢᠲᠡᠭᠡᠯ ᠠᠯᠳᠠᠬᠤ ᠠᠵᠢᠯᠯᠠᠭ᠎ᠠ ᠳᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠭᠡᠷ᠎ᠡ ᠭᠦᠢᠴᠡᠳᠬᠡᠬᠦ᠂ ᠲᠦᠷᠢᠮ ᠢ ᠪᠦᠷᠢᠨᠰᠢᠭᠦᠯᠬᠦ᠂ ᠬᠠᠤᠯᠢ ᠶᠣᠰᠣᠭᠠᠷ ᠲᠥᠯᠥᠪᠦᠷᠢ ᠥᠭᠬᠦ᠂ ᠪᠥᠬᠦ ᠲᠠᠯ᠎ᠠ ᠪᠠᠷ ᠥᠷᠢ ᠰᠢᠷᠢ ᠶᠢ ᠢᠯᠭᠠᠷᠠᠭᠤᠯᠬᠤ ᠪᠠ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠨᠢᠭᠡᠳᠦᠯᠲᠡᠶ ᠳᠤᠷᠠᠳᠤᠨ ᠭᠠᠷᠭᠠᠪᠠ᠃    ︵ᠳᠥᠷᠪᠡ︶ ᠰᠢᠨ᠎ᠡ ᠪᠠᠷ ᠨᠡᠮᠡᠭᠰᠡᠨ ᠠᠭᠤᠯᠭ᠎ᠠ᠃     ᠣᠳᠣᠬᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠶᠠᠪᠤᠳᠠᠯ ᠢ ᠨᠤᠲᠠᠯᠠᠬᠤ ᠪᠠᠷᠢᠮᠵᠢᠶ᠎ᠠ ᠪᠠ ᠬᠦᠷᠢᠶ᠎ᠡ ᠬᠡᠪᠴᠢᠶ᠎ᠡ ᠲᠣᠳᠣᠷᠬᠠᠶ ᠦᠭᠡᠶ ᠪᠠᠶᠢᠬᠤ᠂ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠦᠷᠲᠡᠵᠦ ᠴᠢᠳᠠᠬᠤ ᠦᠭᠡᠶ ᠪᠠᠶᠢᠬᠤ᠂ ᠴᠤᠭᠯᠠᠭᠤᠯᠤᠭᠰᠠᠨ ᠨᠢ ᠪᠦᠷᠢᠨ ᠪᠤᠰᠤ ᠪᠠᠶᠢᠬᠤ᠂ ᠬᠡᠷᠡᠭᠯᠡᠭᠰᠡᠨ ᠨᠢ ᠥᠷᠭᠡᠨ ᠪᠤᠰᠤ ᠪᠠᠶᠢᠬᠤ᠂ ᠵᠠᠯᠬᠠᠭᠠᠨ ᠴᠡᠭᠡᠷᠯᠡᠭᠦᠯᠦᠭᠰᠡᠨ ᠨᠢ ᠪᠠᠷᠢᠮᠵᠢᠶ᠎ᠠ ᠳᠤ ᠬᠦᠷᠬᠦ ᠥᠬᠡᠶ ᠪᠠᠶᠢᠬᠤ ᠵᠢᠴᠢ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠢᠯᠡᠷᠡᠭᠦᠯᠬᠦ ᠳᠤ ᠬᠦᠴᠢᠷ᠂ ᠮᠡᠳᠡᠭᠡ ᠵᠠᠩᠭᠢ ᠶᠢ ᠤᠯᠬᠤ ᠳᠤ ᠬᠦᠴᠢᠷ ᠵᠡᠷᠭᠡ ᠠᠰᠠᠭᠤᠳᠠᠯ ᠳᠤ ᠴᠢᠭᠯᠡᠭᠦᠯᠦᠨ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠥᠰᠦᠯ ᠳᠤ ᠲᠠᠪᠤᠨ ᠵᠦᠢᠯ ᠤᠨ ᠠᠵᠢᠯ ᠤᠨ ᠠᠭᠤᠯᠭ᠎ᠠ ᠶᠢ ᠳᠤᠷᠠᠳᠤᠨ ᠭᠠᠷᠭᠠᠪᠠ᠄ ᠨᠢᠭᠡ ᠳᠤ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠨᠠᠷᠢᠨ ᠳᠠᠩᠰᠠ ᠪᠠ ᠢᠲᠡᠭᠡᠯ ᠠᠯᠳᠠᠭᠰᠠᠨ ᠶᠠᠪᠤᠳᠠᠯ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠭᠲᠠᠭᠠᠵᠤ᠂ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠮᠡᠳᠡᠭᠡ ᠵᠠᠩᠭᠢ ᠶᠢ ᠴᠤᠭᠯᠠᠭᠤᠯᠬᠤ ᠪᠠ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠬᠢᠨᠠᠨ ᠬᠡᠮᠵᠢᠵᠦ ᠦᠨᠡᠯᠡᠨ ᠵᠢᠱᠢᠬᠦ ᠦᠨᠳᠦᠰᠦᠯᠡᠯ ᠪᠣᠯᠭᠠᠪᠠ᠃ ᠬᠤᠶᠠᠷ ᠲᠤ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠶᠠᠪᠤᠳᠠᠯ ᠢ ᠢᠯᠡᠴᠢᠯᠡᠨ ᠵᠠᠭᠠᠯᠳᠤᠬᠤ ᠠᠷᠭ᠎ᠠ ᠵᠠᠮ ᠢ ᠥᠷᠭᠡᠳᠬᠡᠵᠦ᠂ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠠᠵᠢᠯᠯᠠᠭ᠎ᠠ ᠶᠢᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠪᠠ ᠢᠯᠡᠴᠢᠯᠡᠬᠦ ᠡᠷᠴᠢᠮ ᠢ ᠴᠢᠩᠭᠠᠷᠠᠭᠤᠯᠪᠠ᠃ ᠭᠤᠷᠪᠠ ᠳᠤ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠮᠡᠳᠡᠭᠡ ᠵᠠᠩᠭᠢ ᠶᠢ ᠪᠠᠭᠲᠠᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠡᠷᠴᠢᠮ ᠢ ᠴᠢᠩᠭᠠᠷᠠᠭᠤᠯᠵᠤ᠂ ᠪᠦᠬᠦ ᠬᠡᠮᠵᠢᠶ᠎ᠡ ᠪᠠᠷ ᠴᠤᠭᠯᠠᠭᠤᠯᠬᠤ ᠪᠠ ᠡᠬᠢ ᠪᠠᠶᠠᠯᠢᠭ ᠢ ᠬᠠᠮᠲᠤ ᠪᠠᠷ ᠬᠦᠷᠲᠡᠬᠦ ᠶᠢ ᠱᠠᠭᠠᠷᠳᠠᠪᠠ᠃ ᠲᠦᠷᠪᠡ ᠳᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠠᠴᠠ ᠡᠮᠦᠨ᠎ᠡ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ ᠢᠲᠡᠭᠡᠯ ᠠᠯᠳᠠᠭᠰᠠᠨ ᠠᠵᠢᠯᠯᠠᠭ᠎ᠠ ᠣᠷᠣᠰᠢᠵᠤ ᠪᠠᠶᠢᠭ᠎ᠠ ᠰᠠᠯᠠᠭ᠎ᠠ ᠮᠥᠴᠢᠷ ᠪᠣᠯᠤᠨ ᠠᠯᠪᠠᠨ ᠲᠤᠰᠢᠶᠠᠯᠲᠠᠨ ᠢ ᠬᠢᠵᠠᠭᠠᠷᠯᠠᠬᠤ ᠬᠡᠷᠡᠭᠲᠡᠢ ᠭᠡᠵᠦ ᠱᠠᠭᠠᠷᠳᠠᠵᠠᠢ᠃ ᠲᠠᠪᠤ ᠳᠤ᠂ ᠠᠶᠢᠮᠠᠭ ᠬᠤᠲᠠ ᠳᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠣᠨ ᠤ ᠦᠨᠡᠯᠡᠨ ᠵᠢᠱᠢᠯᠲᠡ ᠪᠠ ᠤᠯᠠᠷᠢᠯ ᠤᠨ ᠬᠢᠨᠠᠨ ᠬᠡᠮᠵᠢᠯᠲᠡ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠲᠤ ᠬᠢᠨᠠᠨ ᠰᠢᠯᠭᠠᠬᠤ ᠠᠵᠢᠯ ᠢ ᠦᠷᠨᠢᠭᠦᠯᠬᠦ ᠪᠠᠷ ᠪᠣᠯᠪᠠ᠃     ᠭᠤᠷᠪᠠ᠂ ᠦᠨᠳᠦᠰᠦᠨ ᠪᠣᠷᠣ ᠲᠦᠰᠦᠪ ᠪᠠ ᠭᠤᠣᠯ ᠠᠭᠤᠯᠭ᠎ᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠥᠰᠦᠯ ᠳᠤ ᠭᠤᠷᠪᠠᠨ ᠬᠡᠰᠡᠭ ᠠᠭᠤᠯᠭ᠎ᠠ ᠪᠠᠭᠲᠠᠨ᠎ᠠ᠄ ᠨᠢᠭᠡᠳᠦᠭᠡᠷ ᠬᠡᠰᠡᠭ᠄ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠶᠡᠷᠦᠩᠬᠡᠶ ᠱᠠᠭᠠᠷᠳᠠᠯᠭ᠎ᠠ ᠳᠤᠷᠠᠳᠪᠠ ᠃ ᠬᠤᠶᠠᠳᠤᠭᠠᠷ ᠬᠡᠰᠡᠭ᠄ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠦᠨᠡᠨᠴᠢ ᠢᠲᠡᠭᠡᠮᠵᠢᠲᠡᠶ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠡᠷᠡᠭᠯᠡᠬᠦ ᠲᠣᠭᠲᠠᠯᠴᠠᠭ᠎ᠠ ᠶᠢ ᠪᠦᠷᠢᠨᠰᠢᠭᠦᠯᠬᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠳᠤ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠬᠢᠨᠠᠯᠲᠠ ᠲᠠᠯᠪᠢᠬᠤ ᠦᠨᠡᠯᠡᠬᠦ ᠲᠣᠭᠲᠠᠯᠴᠠᠭ᠎ᠠ ᠶᠢ ᠪᠠᠶᠢᠭᠤᠯᠬᠤ ᠵᠡᠷᠭᠡ ᠭᠤᠷᠪᠠᠨ ᠬᠦᠷᠢᠶ᠎ᠡ ᠴᠠᠷᠠᠭ᠎ᠠ ᠠᠴᠠ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ 11 ᠲᠠᠯ᠎ᠠ ᠶᠢᠨ ᠠᠵᠢᠯ ᠤᠨ ᠡᠭᠦᠷᠭᠡ ᠶᠢ ᠳᠤᠷᠠᠳᠪᠠ᠃ ᠭᠤᠷᠪᠠᠳᠤᠭᠠᠷ ᠬᠡᠰᠡᠭ᠄ ᠠᠵᠢᠯ ᠤᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠬᠦ᠂ ᠠᠵᠢᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ᠂ ᠤᠬᠠᠭᠤᠯᠬᠤ ᠬᠥᠲᠥᠯᠦᠨ ᠵᠢᠯᠣᠭᠤᠳᠬᠤ ᠡᠷᠴᠢᠮ ᠢ ᠴᠢᠩᠭᠠᠷᠠᠭᠤᠯᠬᠤ ᠵᠡᠷᠭᠡ ᠭᠤᠷᠪᠠᠨ ᠲᠠᠯ᠎ᠠ ᠶᠢᠨ ᠠᠵᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号