ᠠᠮᠤ ᠬᠦᠨᠡᠰᠦ ᠶᠢ ᠠᠷᠪᠢᠯᠠᠨ ᠭᠠᠮᠨᠠᠬᠤ ᠤᠷᠢᠶ᠋ᠶᠠᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/12/20
   2021 ᠣᠨ ᠤ 4 ᠰᠠᠷ᠎ᠠ ᠳᠤ᠂  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤ ᠬᠦᠨᠡᠰᠦ ᠪᠦᠷᠢᠯᠭᠡᠨ ᠰᠦᠶᠳᠬᠡᠬᠦ ᠶᠢ ᠡᠰᠡᠷᠭᠦᠴᠡᠬᠦ ᠬᠠᠤᠯᠢ  ︾ ᠨᠡᠶᠢᠳᠡᠯᠡᠭᠳᠡᠭᠰᠡᠨ ᠢ ᠲᠠᠶᠠᠭᠠᠷ ᠢᠶᠠᠨ ᠮᠡᠳᠡᠵᠦ ᠪᠠᠶᠢᠬ᠎ᠠ᠃   ᠡᠳᠦᠬᠡ ᠨᠡᠶᠢᠭᠡᠮ ᠳᠠᠶᠠᠭᠠᠷ   ᠢᠶᠠᠨ ᠠᠮᠤ ᠬᠦᠨᠡᠰᠦ ᠶᠢ ᠠᠷᠪᠢᠯᠠᠨ ᠭᠠᠮᠨᠠᠬᠤ ᠰᠠᠶᠢᠬᠠᠨ ᠳᠠᠳᠬᠠᠯ ᠲᠠᠢ ᠪᠤᠯᠵᠤ᠂  ︽ᠠᠷᠪᠢᠯᠠᠨ ᠭᠠᠮᠨᠠᠬᠤ ᠪᠤᠯ ᠦᠩᠬᠡ ᠭᠡᠷᠡᠯ᠂ ᠪᠦᠷᠢᠯᠭᠡᠨ ᠰᠦᠶᠳᠬᠡᠬᠦ ᠪᠤᠯ ᠢᠴᠢᠬᠦᠷᠢ ᠭᠤᠳᠤᠮᠰᠢᠭ︾ ᠬᠡᠮᠡᠬᠦ ᠰᠢᠨ᠎ᠡ ᠤᠶᠢᠯᠠᠭᠠᠭᠳᠠᠬᠤᠨ ᠢ  ᠲᠡᠯᠬᠡᠷᠡᠬᠦᠯᠬᠦ ᠶᠢᠨ ᠲᠥᠯᠥᠭᠡ᠂  ᠪᠥᠬᠦ ᠬᠤᠰᠢᠭᠤᠨ ᠤ ᠢᠳᠡᠭᠡᠨ ᠤᠮᠳᠠᠭᠠᠨ ᠤ ᠬᠠᠮᠢᠶᠠᠳᠠᠢ ᠠᠵᠤ ᠠᠬᠤᠶᠢᠯᠠᠯ ᠪᠠ ᠥᠷᠭᠡᠨ ᠣᠯᠠᠨ ᠬᠡᠷᠡᠭᠯᠡᠭᠴᠢᠳ ᠲᠤ ᠡᠨᠡ ᠬᠦ᠋ ᠤᠷᠢᠶᠠᠯᠠᠭ᠎ᠠ ᠶᠢ ᠭᠠᠷᠭᠠᠯ᠎ᠠ  ᠄    1 . ︽  ᠠᠷᠪᠢᠯᠠᠬᠤ ᠶᠢ ᠡᠷᠬᠢᠮᠯᠡᠵᠦ ᠰᠦᠶᠳᠬᠡᠬᠦ ᠶᠢ ᠡᠰᠡᠷᠭᠦᠴᠡᠬᠦ  ︾ ᠤᠬᠠᠭᠤᠯᠭ᠎ᠠ ᠶᠢ ᠴᠢᠩᠭᠠᠳᠬᠠᠨ᠂  ︽ᠠᠷᠪᠢᠯᠠᠨ ᠭᠠᠮᠨᠠᠬᠤ ᠪᠤᠯ ᠦᠩᠬᠡ ᠭᠡᠷᠡᠯ᠂ ᠪᠦᠷᠢᠯᠭᠡᠨ ᠰᠦᠶᠳᠬᠡᠬᠦ ᠪᠤᠯ ᠢᠴᠢᠬᠦᠷᠢ ᠭᠤᠳᠤᠮᠰᠢᠭ︾  ᠬᠡᠮᠡᠬᠦ ᠠᠭᠤᠷ ᠠᠮᠢᠰᠬᠤᠯ ᠢ ᠪᠦᠬᠦ ᠨᠡᠶᠢᠬᠡᠮ ᠳᠤ ᠪᠤᠢ ᠪᠤᠯᠭᠠᠵᠤ᠂ ᠬᠤᠭᠤᠯᠠ ᠤᠮᠳᠠ ᠪᠠᠨ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠳᠠᠢ  ᠲᠤᠬᠢᠷᠠᠭᠤᠯᠤᠨ᠂  ᠪᠤᠯᠪᠠᠰᠤᠨ ᠠᠮᠢᠳᠤᠷᠠᠯ ᠢ ᠰᠤᠷᠳᠠᠯᠴᠢᠯᠠᠵᠤ ᠪᠣᠬᠢᠷᠲᠤᠯ ᠥᠬᠡᠶ ᠬᠡᠷᠡᠭᠯᠡᠭᠡ ᠶᠢ ᠲᠡᠯᠬᠡᠷᠡᠬᠦᠯᠦᠶ᠎ᠡ᠃    2 .  ︽ ᠠᠷᠪᠢᠯᠠᠬᠤ ᠶᠢ ᠠᠮᠠᠰᠠᠷ ᠠᠴᠠ ᠨᠢ᠂  ᠠᠰᠠᠬᠠᠬᠤ ᠶᠢ ᠢᠷᠤᠭᠠᠷ ᠠᠴᠠ ᠨᠢ︾ ᠭᠡᠳᠡᠭᠴᠢᠯᠡᠨ᠂  ᠬᠤᠭᠤᠯᠠ ᠪᠤᠳᠠᠭ᠎ᠠ  ᠵᠠᠬᠢᠶᠠᠯᠠᠬᠤ   ᠳᠠᠭᠠᠨ ᠪᠠᠶᠢᠳᠠᠯ ᠢᠶᠠᠨ ᠦᠵᠡᠵᠦ ᠬᠡᠮᠵᠢᠶ᠎ᠡ ᠲᠠᠢ ᠵᠠᠬᠢᠶᠠᠯᠠᠭᠠᠷᠠᠢ᠂  ︽ᠪᠤᠳᠠᠭ᠎ᠠ ᠨᠤᠭᠤᠭ᠎ᠠ ᠪᠠᠨ ᠬᠠᠶᠠᠭᠰᠠᠭᠠᠷ ᠪᠤᠶᠠᠨ ᠢᠶᠠᠨ ᠪᠠᠷᠠᠭᠰᠠᠨ ᠶᠠᠪᠤᠳᠠᠯ︾  ᠬᠡᠮᠡᠨ ᠰᠠᠨᠠᠵᠤ᠂ ᠦᠯᠡᠳᠡᠵᠦ ᠲᠤᠰᠤᠭᠰᠠᠨ  ᠢᠶᠠᠨ  ᠤᠭᠤᠳᠠᠯᠠᠵᠤ ᠠᠪᠠᠴᠢᠭᠠᠳ ᠦᠳᠡ ᠤᠷᠤᠢ ᠨᠢ ᠢᠳᠡᠴᠢᠬᠡᠵᠦ ᠪᠤᠯᠤᠨ᠎ᠠ ᠰᠢᠦ᠃ ᠵᠠᠬᠢᠵᠤ ᠰᠠᠨᠠᠭᠤᠯᠬᠤ ᠪᠠᠰᠠ ᠨᠢᠬᠡᠨ ᠵᠦᠢᠯ ᠬᠡᠪᠡᠯ᠂  ᠬᠡᠭᠡᠷ᠎ᠡ ᠶᠢᠨ ᠠᠮᠢᠲᠠᠨ ᠤ ᠮᠢᠬ᠎ᠠ  ᠱᠦᠯᠦ ᠶᠢ ᠡᠳ᠋ᠰᠢᠬᠦᠯᠵᠦ ᠪᠤᠷᠤᠯᠠᠭᠤᠯᠵᠤ ᠢᠳᠡᠵᠦ ᠤᠤᠭᠤᠬᠤ  ︽ ᠨᠢᠬᠦᠯᠳᠦ ᠦᠢᠯᠡ︾   ᠶᠢ  ᠡᠷᠡᠰ ᠲᠠᠰᠤ ᠴᠡᠭᠡᠷᠯᠡᠵᠡᠬᠡᠶ᠎ᠡ᠃    3 . ᠬᠤᠭᠤᠯᠠᠨ ᠭᠡᠷ ᠤᠳ ᠨᠢ ︽ᠨᠡᠶᠢᠲᠡ ᠶᠢᠨ ᠬᠠᠯᠪᠠᠭ᠎ᠠ ᠰᠠᠪᠬ᠎ᠠ ᠭᠡᠷᠡᠭᠯᠡᠬᠦ︾  ᠲᠦᠷᠢᠮ ᠢ ᠬᠡᠷᠡᠭᠵᠢᠭᠦᠯᠵᠦ ᠂ ᠨᠢᠭᠡ ᠯᠡ ᠬᠡᠷᠡᠭᠯᠡᠬᠦ ᠠᠶᠠᠭ᠎ᠠ ᠰᠠᠪᠬ᠎ᠠ ᠬᠡᠷᠡᠭᠯᠡᠬᠦ ᠶᠢ ᠴᠡᠭᠡᠷᠯᠡᠨ᠂  ︽ᠬᠠᠭᠠᠰ ᠬᠤᠪᠢ ᠶᠢᠨ ᠵᠠᠬᠢᠶᠠᠯᠠᠭ᠎ᠠ᠂ ᠬᠠᠭᠠᠰ  ᠬᠤᠪᠢ ᠶᠢᠨ ᠦᠨ᠎ᠡ  ︾᠂  ︽ ᠬᠡᠮᠵᠢᠶ᠎ᠠ ᠲᠠᠢ ᠬᠤᠭᠤᠯᠠ᠂  ᠲᠤᠬᠢᠷᠠᠮᠵᠢ ᠲᠠᠢ ᠦᠨ᠎ᠡ  ︾   ᠶᠢᠨ  ᠦᠢᠯᠡᠴᠢᠯᠡᠭᠡ ᠬᠠᠩᠭᠠᠵᠤ᠂  ᠨᠤᠭᠤᠭ᠎ᠠ ᠪᠤᠳᠠᠭᠠᠨ ᠤ ᠵᠠᠬᠢᠶᠠᠯᠠᠭ᠎ᠠ ᠶᠢᠨ ᠬᠠᠭᠤᠳᠠᠰᠤᠨ ᠲᠡᠭᠡᠷ᠎ᠡ ᠪᠠᠨ ︽ ᠠᠷᠪᠢᠯᠠᠬᠤ ᠶᠢ ᠡᠷᠬᠢᠮᠯᠡᠵᠦ  ᠰᠦᠢᠳᠬᠡᠬᠦ ᠶᠢ ᠴᠡᠭᠡᠷᠯᠡᠬᠦ  ︾  ᠤᠷᠢᠶᠠᠯᠠᠭ᠎ᠠ   ᠶᠢ ᠨᠡᠮᠡᠵᠦ ᠤᠷᠤᠭᠤᠯᠬᠤ ᠶᠢᠨ ᠬᠠᠮᠳᠤ᠂   ᠦᠯᠡᠳᠡᠭᠰᠡᠨ ᠬᠤᠭᠤᠯᠠ  ᠪᠠᠨ ᠠᠪᠠᠴᠢᠬᠤ ᠬᠦᠮᠦᠰ ᠲᠤ ᠦᠨ᠎ᠡ ᠲᠦᠯᠦᠪᠦᠷᠢ ᠦᠬᠡᠢ ᠤᠭᠤᠳᠠ ᠰᠠᠪᠠ ᠬᠠᠩᠭᠠᠪᠠᠯ ᠵᠤᠬᠢᠨ᠎ᠠ᠃    4 . ᠥᠷᠯᠥᠭᠡ ᠶᠢᠨ ᠬᠤᠭᠤᠯᠠᠨ ᠤ ᠢᠨᠵᠧᠨᠧᠷᠢᠩ᠂ ᠬᠢᠲᠠᠳ ᠮᠠᠶ᠋ᠢᠭ ᠤᠨ ᠲᠦᠷᠭᠡᠨ ᠬᠤᠭᠤᠯᠠ ᠵᠢᠴᠢ ᠣᠨᠴᠠᠯᠢᠭᠲᠤ ᠰᠤᠯᠠ ᠢᠳᠡᠭᠡᠨ ᠤ ᠪᠠᠷᠢᠮᠵᠢᠶᠠᠵᠢᠭᠰᠠᠨ᠂ ᠭᠡᠯᠬᠢᠶᠡᠵᠢᠭᠰᠡᠨ᠂ ᠲᠡᠮᠳᠡᠭᠵᠢᠭᠰᠡᠨ ᠬᠥᠭᠵᠢᠯᠲᠡ ᠶᠢ ᠠᠬᠢᠭᠤᠯᠵᠤ᠂ ᠠᠮᠤᠷ ᠲᠦᠪᠰᠢᠨ ᠳᠥᠭᠦᠮ ᠳᠥᠲᠡ ᠭᠡᠷᠡᠭᠯᠡᠬᠡᠨ ᠤ ᠦᠢᠯᠡᠴᠢᠯᠡᠭᠡ ᠬᠠᠩᠭᠠᠬᠤ ᠭᠡᠷᠡᠭᠳᠡᠢ᠃    5 .  ᠡᠨᠧᠷᠭᠢ ᠠᠷᠪᠢᠯᠠᠬᠤ ᠥᠭᠡᠷᠡᠴᠢᠯᠡᠯᠲᠡ ᠶᠢ ᠢᠳᠡᠪᠬᠢᠲᠡᠢ ᠬᠢᠵᠦ᠂ ᠤᠰᠤ᠂ ᠴᠠᠬᠢᠯᠭᠠᠨ᠂ ᠬᠡᠢ  ᠂ ᠨᠡᠬᠦᠷᠡᠰᠦᠨ ᠤ ᠠᠰᠢᠭᠯᠠᠮᠵᠢ ᠶᠢ ᠲᠡᠭᠡᠭᠰᠢᠯᠡᠬᠦᠯᠦᠨ᠂ ᠬᠤᠭᠤᠯᠠᠨ ᠭᠡᠷ ᠤᠨ ᠪᠤᠬᠢᠷᠳᠤᠯ ᠢ ᠪᠠᠭᠠᠰᠬᠠᠵᠤ᠂  ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠨ᠎ᠠ᠃    6 . ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠭᠦᠢᠴᠡᠳᠬᠡᠵᠦ᠂ ᠢᠳᠡᠭᠡᠨ ᠤ ᠠᠮᠤᠷ ᠲᠦᠪᠰᠢᠨ  ᠤ  ᠬᠠᠮᠢᠶᠠᠳᠠᠢ ᠬᠠᠤᠯᠢ ᠲᠦᠷᠢᠮ ᠢ ᠴᠢᠩᠭ᠎ᠠ ᠵᠢᠷᠤᠮᠯᠠᠨ᠂ ᠡᠵᠡᠩᠨᠡᠯᠲᠡ ᠶᠢᠨ ᠦᠢᠯᠡ ᠠᠵᠢᠯᠯᠠᠭ᠎ᠠ ᠪᠠᠨ  ᠲᠦᠷᠢᠮᠵᠢᠬᠦᠯᠵᠦ᠂ ᠦᠨ᠎ᠡ ᠬᠠᠩᠰᠢ ᠶᠢ ᠢᠯᠡ ᠪᠤᠯᠭᠠᠨ᠂ ᠪᠠᠷᠠᠭ᠎ᠠ ᠨᠢ ᠦᠨᠡᠨ ᠬᠠᠩᠰᠢ ᠨᠢ ᠨᠠᠶᠢᠳᠠᠪᠤᠷᠢᠳᠠᠢ ᠪᠠᠶᠢᠬᠤ  ᠶᠢ ᠪᠠᠳᠤᠯᠠᠵᠤ᠂ ᠦᠨᠡᠨᠴᠢ ᠢᠲᠡᠭᠡᠮᠵᠢᠲᠡᠶ ᠪᠠᠷ ᠡᠵᠡᠩᠨᠡᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃                                                                                                                         ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠬᠢᠨᠠᠨ ᠬᠠᠮᠢᠶᠠᠷᠬᠤ ᠲᠣᠪᠴᠢᠶ᠎ᠠ                             2 021  ᠤᠨ ᠤ 12 ᠰᠠᠷ᠎ᠠ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号