ᠬᠤᠩ ᠴᠢ ᠪᠠᠯᠭᠠᠰᠤᠨ ᠤ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠰᠤᠷᠤᠯᠴᠠᠯᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2021/12/20
 12 ᠰᠠᠷ᠎ᠠ ᠶᠢᠨ 17 ᠤ ᠡᠳᠦᠷ᠂  ᠬᠤᠩ ᠴᠢ ᠪᠠᠯᠭᠠᠰᠤᠨ ᠤ ᠨᠠᠮ ᠤᠨ  ᠬᠤᠷᠢᠶ᠎ᠠ ᠨᠢ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠡᠷᠬᠢᠯᠡᠵᠦ᠂  ︽ᠰᠢᠯᠢ ᠶᠢᠨ ᠭᠤᠤᠯ ᠠᠶᠢᠮᠠᠭ ᠤᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠭᠰᠠᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ  ᠲᠦᠰᠦᠪ 》᠂《 ᠰᠢᠨ᠎ᠡ ᠪᠠᠶᠢᠳᠠᠯ ᠳᠣᠣᠷᠠᠬᠢ ᠨᠠᠮ  ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ 》᠂   ᠬᠤᠰᠢᠭᠤ ᠨᠠᠮ  ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠲᠡᠭᠡᠷᠡᠬᠢ ᠵᠤᠤ ᠹᠸᠢ ᠫᠧᠩ ᠱᠦᠵᠢ ᠶᠢᠨ ᠴᠢᠬᠤᠯᠠ ᠶᠠᠷᠢᠶ᠎ᠠ ᠪᠠ  ᠪᠦᠬᠦ ᠠᠶᠢᠮᠠᠭ ᠤᠨ ᠳᠠᠩᠰᠠ ᠡᠪᠬᠡᠮᠡᠯ ᠤᠨ ᠠᠵᠢᠯ ᠤᠨ ᠬᠤᠷᠠᠯᠳᠤᠭᠠᠨ ᠲᠡᠭᠡᠷᠡᠬᠢ ᠸᠠᠩ ᠰᠠᠨ ᠱᠢ ᠨᠠᠷᠢᠨ ᠪᠢᠴᠢᠭ ᠤᠨ ᠳᠠᠷᠤᠭ᠎ᠠ ᠶᠢᠨ ᠶᠠᠷᠢᠶᠠᠨ ᠤ ᠵᠤᠷᠢᠭ ᠰᠠᠨᠠᠭ᠎ᠠ᠂《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠲᠦᠷᠢᠮ 》 ᠵᠢᠴᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠰᠠᠭᠤᠳᠠᠯ ᠤᠨ《 ᠡᠷᠬᠢᠨ ᠬᠠᠷᠠᠬᠤ 》 ᠠᠵᠢᠯ ᠤᠨ ᠲᠦᠰᠦᠪ ᠵᠡᠷᠭᠡ ᠴᠢᠬᠤᠯᠠ ᠠᠭᠤᠯᠭ᠎ᠠ ᠶᠢ ᠬᠠᠮᠳᠤ ᠳᠠᠭᠠᠨ ᠰᠤᠷᠤᠯᠴᠠᠭᠰᠠᠨ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ  ᠴᠢᠬᠤᠯᠠᠴᠢᠯᠠᠬᠤ ᠳᠠᠭᠠᠨ᠂ ᠨᠢᠭᠡ ᠳᠤ 《 ᠬᠤᠶᠠᠷ ᠬᠠᠯᠬᠠᠪᠴᠢ 》᠂ 《 ᠬᠤᠶᠠᠷ ᠰᠠᠭᠤᠷᠢᠨ 》᠂《 ᠨᠢᠭᠡ  ᠪᠠᠬᠢᠯᠡᠯᠲᠡ 》 ᠶᠢ ᠪᠠᠶᠢᠭᠤᠯᠬᠤ ᠪᠠᠷ ᠵᠣᠷᠢᠯᠲᠠ ᠪᠠ  ᠵᠤᠭᠰᠤᠴᠠ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠪᠠᠶᠢᠭᠤᠯᠤᠮᠵᠢ ᠲᠣᠭᠲᠠᠴᠠ ᠶᠢ  ᠲᠡᠬᠦᠯᠳᠡᠷᠵᠢᠬᠦᠯᠦᠨ᠂  ᠬᠤᠩ ᠴᠢ ᠪᠠᠯᠭᠠᠰᠤᠨ ᠤ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠬᠡᠷᠡᠭᠲᠡᠶ᠃ ᠬᠤᠶᠠᠷ ᠲᠤ  ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠪᠠᠷ ᠵᠢᠯᠣᠭᠤᠳᠣᠯᠭ᠎ᠠ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠬᠦᠯᠦᠨ᠂ ᠰᠢᠨ᠎ᠡ ᠴᠠᠭ ᠦᠶ᠎ᠡ ᠶᠢᠨ ᠲᠠᠩᠰᠠ ᠡᠪᠬᠡᠮᠡᠯ ᠤᠨ ᠠᠵᠢᠯ ᠢ ᠰᠠᠶᠢᠲᠤᠷ ᠬᠢᠵᠦ᠂ ᠲᠠᠩᠰᠠ ᠡᠪᠬᠡᠮᠡᠯ ᠤᠨ ᠠᠵᠢᠯ ᠤᠨ ᠶᠠᠰᠤ ᠴᠢᠨᠠᠷ ᠪᠣᠯᠤᠨ ᠦᠶᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ 《 ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ 》 ᠲᠠᠢ ᠵᠤᠷᠪᠤᠰ ᠳᠠᠷᠠᠭᠠᠯᠠᠨ ᠬᠠᠷᠭᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠡᠷᠢᠵᠦ᠂ ᠠᠰᠠᠭᠤᠳᠠᠯ ᠤᠨ ᠨᠠᠷᠢᠨ ᠲᠠᠩᠰᠠ ᠪᠠ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠶᠢ ᠪᠠᠶᠢᠭᠤᠯᠤᠨ  ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠳᠥᠷᠪᠡ ᠳᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ  ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠲᠤᠮᠳᠠ ᠢᠯᠡᠷᠡᠭᠰᠡᠨ ᠠᠰᠠᠭᠤᠳᠠᠯ ᠢ 《 ᠡᠷᠬᠢᠨ ᠬᠠᠷᠠᠬᠤ 》 ᠪᠠᠷ  ᠲᠠᠮᠵᠢᠭᠠᠳ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠦᠶᠯᠡᠳᠦᠯ ᠢ ᠪᠠᠳᠠᠷᠠᠭᠤᠯᠵᠤ᠂ ᠪᠣᠶ ᠪᠥᠬᠦᠶ ᠠᠰᠠᠭᠤᠳᠠᠯ ᠢ ᠦᠨᠡᠨ ᠪᠣᠳᠠᠲᠠᠶ ᠴᠡᠭᠴᠡᠯᠡᠨ ᠰᠠᠶᠢᠵᠢᠷᠠᠭᠤᠯᠵᠤ᠂ ᠦᠨᠡᠯᠡᠨ ᠵᠢᠱᠢᠬᠦ  ᠂ ᠬᠢᠨᠠᠨ ᠰᠢᠯᠭᠠᠬᠤ ᠠᠵᠢᠯ ᠢ ᠤᠭᠳᠤᠨ ᠠᠪᠬᠤ   ᠳᠤ  ᠰᠠᠶᠢᠨ ᠪᠡᠯᠡᠳᠬᠡᠯ ᠬᠢᠬᠦ ᠭᠡᠷᠡᠭᠳᠡᠢ ᠬᠡᠵᠡᠢ᠃  ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号